ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2023/1/11
      1 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠭᠤᠣᠯ ᠰᠡᠳᠦᠪ ᠤᠨ ᠲᠣᠭᠤᠷᠢᠨ ᠳᠤ᠂ ᠪᠣᠳᠠᠲᠠᠢ ᠪᠠᠶᠢᠳᠠᠯ ᠲᠠᠢ ᠤᠶᠠᠯᠳᠤᠭᠤᠯᠵᠤ᠂ ᠪᠦᠬᠦ ᠲᠠᠯ᠎ᠠ ᠪᠠᠷ ᠬᠠᠷᠭᠤᠭᠤᠯᠤᠨ ᠪᠠᠶᠢᠴᠠᠭᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠨᠠᠷᠢᠨ ᠬᠢᠨᠠᠮᠠᠭᠠᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃       ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠷᠠᠯ ᠠᠴᠠ ᠡᠮᠦᠨ᠎ᠡ ᠪᠣᠳᠠᠲᠠᠢ ᠲᠥᠰᠥᠯ ᠲᠣᠭᠲᠠᠭᠠᠵᠤ᠂ ᠭᠦᠨᠵᠡᠭᠡᠢ ᠰᠤᠷᠤᠯᠴᠠᠨ ᠰᠤᠳᠤᠯᠤᠨ ᠶᠠᠷᠢᠯᠴᠠᠵᠤ᠂ ᠥᠷᠭᠡᠨ ᠢᠶᠠᠷ ᠰᠠᠨᠠᠯ ᠬᠤᠷᠢᠶᠠᠵᠤ᠂ ᠰᠡᠳᠬᠢᠯ ᠤᠨ ᠦᠭᠡ ᠪᠠᠨ ᠨᠠᠷᠢᠨ ᠬᠢᠨᠠᠮᠠᠭᠠᠢ ᠶᠠᠷᠢᠯᠴᠠᠵᠤ᠂ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠨ ᠵᠠᠳᠠᠯᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠨᠠᠷᠢᠨ ᠨᠢᠮᠪᠠᠢ ᠪᠡᠯᠡᠳᠬᠡᠯ ᠬᠢᠵᠡᠢ᠃ ᠬᠤᠷᠠᠯ ᠳᠡᠭᠡᠷ᠎ᠡ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠢ ᠲᠥᠯᠥᠭᠡᠯᠡᠨ ᠬᠠᠷᠭᠤᠭᠤᠯᠤᠨ ᠪᠠᠶᠢᠴᠠᠭᠠᠯᠲᠠ ᠬᠢᠭᠰᠡᠨ ᠪᠥᠭᠡᠳ ᠲᠦᠷᠦᠭᠦᠯᠡᠨ ᠬᠤᠪᠢ ᠬᠥᠮᠥᠨ ᠤ ᠬᠠᠷᠭᠤᠭᠤᠯᠤᠨ ᠪᠠᠶᠢᠴᠠᠭᠠᠯᠲᠠ ᠬᠢᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠭᠦᠨ ᠨᠢᠭᠡᠳ ᠨᠢᠭᠡ ᠪᠠᠷ ᠬᠤᠪᠢ ᠬᠥᠮᠥᠨ ᠤ ᠬᠠᠷᠭᠤᠭᠤᠯᠤᠨ ᠪᠠᠶᠢᠴᠠᠭᠠᠯᠲᠠ ᠬᠢᠪᠡ᠃ ᠨᠥᠬᠦᠳ ᠨᠢᠭᠡ ᠪᠦᠷᠢ ᠦᠭᠡ ᠬᠡᠯᠡᠭᠰᠡᠨ ᠤ ᠳᠠᠷᠠᠭ᠎ᠠ᠂ ᠪᠤᠰᠤᠳ ᠨᠥᠬᠦᠳ ᠳᠡᠰ ᠳᠠᠷᠠᠭᠠᠯᠠᠨ ᠰᠢᠭᠦᠮᠵᠢᠯᠡᠬᠦ ᠰᠠᠨᠠᠯ ᠳᠤᠷᠠᠳᠪᠠ᠃       ᠸᠠᠩ ᠯᠢ ᠰᠢᠶᠠ ᠳ᠋ᠦᠩᠨᠡᠯᠲᠡ ᠶᠢᠨ ᠶᠠᠷᠢᠶᠠᠨ ᠳᠠᠭᠠᠨ᠂ ᠡᠨᠡ ᠤᠳᠠᠭ᠎ᠠ ᠶᠢᠨ ᠠᠷᠠᠳᠴᠢᠯᠠᠯ‌‍ᠤᠨ ᠠᠮᠢᠳᠤᠷᠠᠯ ᠤᠨ ᠬᠤᠷᠠᠯ ᠳᠡᠭᠡᠷ᠎ᠡ ᠦᠵᠡᠯ ᠰᠠᠨᠠᠭ᠎ᠠ ᠪᠠᠨ ᠰᠣᠯᠢᠯᠴᠠᠵᠤ᠂ ᠠᠰᠠᠭᠤᠳᠠᠯ ᠢ ᠪᠠᠶᠢᠴᠠᠭᠠᠨ ᠦᠵᠡᠵᠦ᠂ ᠴᠢᠭᠯᠡᠯ ᠢᠶᠠᠨ ᠲᠣᠳᠣᠷᠬᠠᠶᠢᠯᠠᠵᠤ᠂ ᠪᠦᠯᠬᠦᠮᠳᠡᠯ ᠢᠶᠠᠨ ᠴᠢᠩᠭᠠᠳᠬᠠᠬᠤ᠂ ᠠᠵᠢᠯ ᠢᠶᠠᠨ ᠰᠠᠶᠢᠵᠢᠷᠠᠭᠤᠯᠬᠤ᠂ ᠡᠷᠴᠢ ᠵᠣᠷᠢᠭ ᠢᠶᠠᠨ ᠬᠥᠪᠴᠢᠯᠡᠬᠦ ᠵᠣᠷᠢᠯᠭ᠎ᠠ ᠳᠤ ᠬᠦᠷᠴᠡᠢ᠃ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ︽ᠰᠡᠭᠦᠯᠴᠢ ᠶᠢᠨ ᠠᠵᠢᠯ︾ ᠢ ᠰᠠᠶᠢᠲᠤᠷ ᠬᠢᠵᠦ᠂ ᠵᠠᠰᠠᠭ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠳᠤ᠂ ᠤᠯᠤᠰ ᠲᠥᠷᠥ ᠶᠢ ᠡᠷᠬᠢᠮᠯᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠤᠨ ᠲᠤᠬᠠᠢ ᠭᠦᠨᠵᠡᠭᠡᠢ ᠣᠶᠢᠯᠠᠭᠠᠯᠲᠠ ᠪᠠᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠳᠡᠭᠡᠳᠦ ᠬᠡᠮᠵᠢᠶᠡᠨ ᠤ ᠤᠬᠠᠮᠰᠠᠷ ᠪᠣᠯᠭᠠᠨ ᠬᠤᠪᠢᠷᠠᠭᠤᠯᠬᠤ ᠬᠡᠷᠡᠭᠲᠡᠢ᠃ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ᠂ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠵᠣᠷᠢᠭ ᠰᠠᠨᠠᠭ᠎ᠠ ᠪᠠᠷ ᠨᠠᠮ ᠪᠣᠯᠣᠨ ᠠᠷᠠᠳ ᠲᠦᠮᠡᠨ ᠤ ᠲᠥᠯᠥᠭᠡ ᠲᠤᠰᠢᠶᠠᠯ ᠢᠶᠠᠨ ᠰᠠᠶᠢᠲᠤᠷ ᠡᠭᠦᠷᠭᠡᠯᠡᠵᠦ᠂ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠢ᠃ ᠠᠵᠢᠯ ᠤᠨ ᠰᠤᠷᠲᠠᠯ ᠢᠶᠠᠨ ᠴᠥᠬᠦᠷᠡᠰᠢ ᠦᠭᠡᠢ ᠬᠤᠪᠢᠷᠠᠭᠤᠯᠵᠤ᠂ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠢ ᠶᠢᠨ ᠳᠠᠭᠠᠭᠤᠯᠤᠭᠴᠢ᠂ ᠡᠭᠦᠳᠦᠨ ᠪᠠᠶᠢᠭᠤᠯᠤᠭᠴᠢ᠂ ᠬᠠᠮᠠᠭᠠᠯᠠᠭᠴᠢ ᠪᠣᠯᠬᠤ ᠬᠡᠷᠡᠭᠲᠡᠢ ᠭᠡᠵᠦ ᠬᠡᠯᠡᠪᠡ᠃       ᠯᠢ ᠪᠢᠩ ᠷᠦᠩ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号