ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ | ᠳᠦᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠢ 1 | ᠰᠠᠷ᠎ᠠ ᠶᠢᠨ 12 ᠤᠨ ᠡᠳᠦᠷ ᠬᠥᠬᠡᠬᠤᠲᠠ ᠳᠤ ᠬᠤᠷᠠᠯᠳᠤᠭᠤᠯᠬᠤ ᠪᠠᠷ ᠲᠣᠭᠲᠠᠪᠠ᠃ | ᠬᠤᠷᠠᠯ ᠠᠴᠠ ᠰᠠᠨᠠᠭᠤᠯᠤᠭᠰᠠᠨ ᠵᠥᠪᠯᠡᠬᠦ ᠵᠦᠢᠯᠡᠰ ᠪᠣᠯ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠢ ᠰᠣᠨᠣᠰᠴᠤ ᠬᠢᠨᠠᠨ ᠵᠥᠪᠯᠡᠨ᠎ᠡ︔ ᠥᠪᠡᠷᠲᠡᠭᠡᠨ ᠵᠠᠰᠠᠬᠤ ᠣᠷᠣᠨ ᠤ 2022 | ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠭᠦᠯᠦᠯᠲᠡ ᠶᠢᠨ ᠲᠦᠯᠦᠪᠯᠡᠭᠡ ᠶᠢ | ᠬᠡᠷᠡᠭᠵᠢᠭᠦᠯᠦᠭᠰᠡᠨ ᠪᠠᠶᠢᠳᠠᠯ ᠬᠢᠭᠡᠳ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠭᠦᠯᠦᠯᠲᠡ ᠶᠢᠨ ᠲᠥᠯᠥᠪᠯᠡᠭᠡ ᠶᠢᠨ ᠲᠥᠰᠥᠯ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠬᠤ ᠪᠠ ᠵᠦᠪᠰᠢᠶᠡᠷᠡᠵᠦ᠂ | 2023 ᠣᠨ ᠤ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠭᠦᠯᠦᠯᠲᠡ ᠶᠢᠨ ᠲᠥᠯᠥᠪᠯᠡᠭᠡ ᠶᠢ ᠵᠦᠪᠰᠢᠶᠡᠷᠡᠨ᠎ᠡ︔ ᠥᠪᠡᠷᠲᠡᠭᠡᠨ ᠵᠠᠰᠠᠬᠤ ᠣᠷᠣᠨ ᠤ 2022 ᠣᠨ ᠤ | ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2023 ᠣᠨ ᠤ ᠲᠦᠰᠦᠪ ᠤᠨ ᠲᠦᠰᠦᠯ ᠤᠨ ᠮᠡᠳᠡᠭᠦᠯᠦᠯᠲᠡ ᠶᠢ | ᠬᠢᠨᠠᠨ ᠪᠠᠶᠢᠴᠠᠭᠠᠬᠤ ᠪᠠ ᠵᠦᠪᠰᠢᠶᠡᠷᠡᠵᠦ᠂ 2023 ᠣᠨ ᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ | ᠲᠦᠰᠦᠪ ᠢ ᠵᠥᠪᠰᠢᠶᠡᠷᠡᠨ᠎ᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠦᠨᠳᠦᠷ ᠵᠡᠷᠭᠡ ᠶᠢᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠨ᠎ᠡ︔ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠪᠠᠨ ᠳᠦᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠤ ᠲᠤᠭ᠎ᠠ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠤᠨ ᠲᠣᠭᠲᠠᠭᠠᠯ ︵ᠲᠦᠰᠦᠯ︶ ᠢ ᠬᠢᠨᠠᠨ ᠵᠥᠪᠯᠡᠨ᠎ᠡ︔ ᠰᠤᠩᠭᠤᠭᠤᠯᠢ ᠶᠢᠨ ᠶᠠᠪᠤᠳᠠᠯ᠃ | |