1 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠦ ᠶᠢᠨ ᠵᠥᠪᠯᠡᠯᠭᠡᠨ ᠤ | ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ | ᠬᠦᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠦᠪᠯᠡᠯᠭᠡᠨ ᠤ | ᠲᠡᠷᠢᠭᠦᠯᠡᠭᠴᠢ ᠯᠢ ᠰᠢᠦ ᠯᠢᠩ ᠤᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠯᠦᠸᠧ ᡁᠢ ᠬᠤ᠋ | ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠮᠠᠨ ᠤ | ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠣᠯᠣᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠠᠴᠠ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ | ᠬᠤᠷᠢᠶᠠᠨ ᠤ ᠲᠠᠪᠤᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠢ ᠵᠠᠷᠯᠠᠨ | ᠮᠡᠳᠡᠭᠳᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠲᠦᠮᠡᠯ ᠹᠷᠣᠨᠲ ᠤᠨ | ᠬᠡᠯᠲᠡᠰ ᠤᠨ ᠳᠠᠷᠤᠭ᠎ᠠ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ | ᠱᠦᠵᠢ ᠬᠦᠦᠳᠠᠭᠤᠯᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠬᠤᠷᠢᠶᠠᠨ ᠤ ᠣᠷᠣᠯᠴᠠᠬᠤ ᠨᠢᠭᠡᠴᠢ᠂ ᠡᠲᠡᠭᠡᠳ ᠢᠯᠭᠠᠯ᠂ ᠭᠡᠰᠢᠭᠦᠨ ᠤ ᠲᠤᠭ᠎ᠠ ᠪᠣᠯᠣᠨ | ᠵᠢᠱᠢᠭᠳᠡᠭᠴᠢᠶᠢᠨ ᠨᠡᠷᠡᠰ ᠤᠨ ᠲᠤᠬᠠᠢ ᠲᠣᠳᠣᠷᠬᠠᠶᠢᠯᠠᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ᠂ ᠵᠠᠩ ᠬᠤᠸᠠ᠂ ᠴᠡᠴᠡᠭ᠂ ᠡᠧᠦ ᠶᠠᠩ ᠰᠢᠶᠣᠣ | ᠬᠤᠢ᠂ ᠸᠧᠢ ᠭᠦᠸᠧ ᠨᠠᠨ᠂ ᠠᠨ ᠷᠦᠨ ᠱᠧᠩ ᠬᠤᠷᠠᠯ ᠳᠤ ᠣᠷᠣᠯᠴᠠᠵᠠᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯ ᠢ ᠬᠤᠷᠠᠯᠳᠤᠭᠤᠯᠬᠤ ᠲᠤᠬᠠᠢ ᠲᠣᠭᠲᠠᠭᠠᠯ ᠢ ᠬᠢᠨᠠᠨ ᠵᠦᠪᠯᠡᠵᠦ | ᠪᠠᠲᠤᠯᠠᠪᠠ︔ ᠤᠯᠤᠰ ᠲᠥᠷᠥ ᠶᠢᠨ ᠵᠥᠪᠯᠡᠯᠭᠡᠨᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠣᠷᠣᠯᠴᠠᠬᠤ | ᠨᠢᠭᠡᠴᠢ᠂ ᠡᠲᠡᠭᠡᠳ ᠢᠯᠭᠠᠯ᠂ ᠭᠡᠰᠢᠭᠦᠨ ᠤ ᠲᠤᠭ᠎ᠠ᠂ ᠵᠢᠱᠢᠭᠳᠡᠭᠴᠢ ᠶᠢᠨ ᠨᠡᠷᠡᠰ ᠢ ᠵᠦᠪᠳᠡᠯᠴᠡᠨ ᠲᠣᠭᠲᠠᠭᠠᠪᠠ︔ ᠠᠷᠪᠠᠨ | ᠭᠤᠷᠪᠠᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ | ᠮᠡᠳᠡᠭᠦᠯᠦᠯᠲᠡ ︵ᠶᠠᠷᠢᠯᠴᠠᠬᠤ ᠨᠣᠣᠷᠠᠭ︶ ᠵᠢᠴᠢ ᠮᠡᠳᠡᠭᠦᠯᠦᠯᠲᠡ ᠬᠢᠭᠴᠢᠶᠢᠨ ᠨᠡᠷᠡᠰ᠂ ᠰᠠᠨᠠᠯ ᠳᠤᠷᠠᠳᠤᠯᠭ᠎ᠠ ᠶᠢᠨ | ᠠᠵᠢᠯ ᠤᠨ ᠪᠠᠶᠢᠳᠠᠯ ᠤᠨ ᠮᠡᠳᠡᠭᠦᠯᠦᠯᠲᠡ ︵ᠶᠠᠷᠢᠯᠴᠠᠬᠤ ᠨᠣᠣᠷᠠᠭ︶ ᠵᠢᠴᠢ ᠮᠡᠳᠡᠭᠦᠯᠦᠯᠲᠡ ᠬᠢᠭᠴᠢ ᠶᠢᠨ ᠨᠡᠷᠡᠰ ᠢ ᠬᠢᠨᠠᠨ | ᠵᠥᠪᠯᠡᠵᠦ ᠪᠠᠲᠤᠯᠠᠪᠠ︔ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠵᠥᠪᠯᠡᠬᠦ ᠵᠦᠢᠯ ︵ᠲᠦᠰᠦᠯ︶᠂ ᠡᠳᠦᠷ ᠤᠨ | ᠳᠠᠷᠠᠭᠠᠯᠠᠯ ︵ᠲᠥᠰᠥᠯ︶᠂ ᠲᠡᠷᠢᠭᠦᠯᠡᠭᠴᠢᠳ ᠤᠨ ᠪᠦᠯᠬᠦᠮ ᠪᠣᠯᠣᠨ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ | ︵ᠲᠥᠰᠥᠯ︶᠂ ᠲᠡᠷᠢᠭᠦᠯᠡᠭᠴᠢᠳ ᠤᠨ ᠪᠦᠯᠬᠦᠮ ᠤᠨ ᠬᠤᠷᠠᠯ ᠤᠨ ᠡᠷᠬᠢᠯᠡᠭᠴᠢ ᠶᠢᠨ ᠨᠡᠷᠡᠰ ︵ᠲᠥᠰᠥᠯ︶᠂ | ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢᠳ ᠤᠨ ᠨᠡᠷᠡᠰ ︵ᠲᠥᠰᠥᠯ︶᠂ ᠳᠤᠭᠤᠶᠢᠯᠠᠩ | ᠪᠠᠶᠢᠭᠤᠯᠬᠤ ᠠᠷᠭ᠎ᠠ ᠪᠣᠯᠣᠨ ᠶᠠᠷᠢᠯᠴᠠᠬᠤ ᠳᠤᠭᠤᠶᠢᠯᠠᠩ ᠤᠨ ᠬᠤᠷᠠᠯᠳᠤᠭᠤᠯᠤᠭᠴᠢ ᠶᠢᠨ ᠨᠡᠷᠡᠰ ︵ᠲᠥᠰᠥᠯ︶᠂ ᠳᠡᠳ᠋ | ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠥᠯ︶᠂ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠬᠤ ᠵᠥᠪᠯᠡᠯ ᠤᠨ | ᠪᠦᠷᠢᠯᠳᠦᠭᠦᠨ ᠤ ᠨᠡᠷᠡᠰ ︵ᠲᠦᠰᠦᠯ︶᠂ ᠰᠤᠯᠠ ᠣᠷᠣᠯᠴᠠᠬᠤ ᠨᠢᠭᠡᠴᠢ ᠶᠢᠨ ᠨᠡᠷᠡᠰ ︵ᠲᠥᠰᠥᠯ︶᠂ ᠥᠪᠡᠷᠲᠡᠭᠡᠨ ᠵᠠᠰᠠᠬᠤ | ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠲᠤᠰᠬᠠᠢ | ᠵᠥᠪᠯᠡᠯ ᠤᠨ ᠳᠡᠳ᠋ ᠡᠷᠬᠢᠯᠡᠭᠴᠢ ᠶᠢᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠨᠡᠷᠡᠰ ᠢ ᠬᠢᠨᠠᠨ | ᠵᠥᠪᠯᠡᠵᠦ ᠪᠠᠲᠤᠯᠠᠪᠠ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ | ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ︽ᠬᠤᠶᠠᠷ ᠢ ᠲᠣᠭᠲᠠᠭᠠᠭᠰᠠᠨ︾ ᠢ ᠬᠦᠷᠢᠶᠡᠯᠡᠬᠦ᠂ ︽ᠳᠦᠷᠪᠡᠨ ᠤᠬᠠᠮᠰᠠᠷ︾ ᠢᠶᠠᠨ ᠴᠢᠩᠭᠠᠳᠬᠠᠬᠤ᠂ ︽ᠳᠦᠷᠪᠡᠨ ᠢᠲᠡᠭᠡᠯ︾ | ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠪᠠᠷ ᠦᠨᠳᠦᠰᠦᠨ ᠤᠯᠤᠰ ᠲᠥᠷᠥ ᠶᠢᠨ | ᠱᠠᠭᠠᠷᠳᠠᠯᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠤᠰᠢᠶᠠᠯ | ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ | ᠲᠤᠰᠢᠶᠠᠵᠠᠢ ᠭᠡᠵᠦ ᠦᠵᠡᠪᠡ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠪᠡᠯᠡᠳᠬᠡᠵᠦ᠂ ᠴᠢᠨᠠᠷ | ᠰᠠᠶᠢᠲᠠᠢ ᠬᠤᠷᠠᠯᠳᠤᠭᠤᠯᠵᠤ᠂ ᠪᠤᠲᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ | ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠵᠦ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ | ᠬᠠᠮᠲᠤ ᠪᠠᠷ ᠪᠦᠯᠬᠦᠮᠳᠡᠨ ᠲᠡᠮᠡᠴᠡᠬᠦ ᠣᠶᠣᠨ ᠤᠬᠠᠭᠠᠨ ᠪᠠ ᠬᠦᠴᠦᠨ ᠴᠢᠳᠠᠯ ᠢ ᠦᠷᠭᠡᠨ ᠢᠶᠠᠷ ᠨᠢᠭᠲᠠᠷᠠᠭᠤᠯᠬᠤ | ᠬᠡᠷᠡᠭᠲᠡᠢ ᠭᠡᠵᠦ ᠱᠠᠭᠠᠷᠳᠠᠪᠠ᠃ | ᠬᠤᠷᠠᠯ ᠤᠨ ᠬᠤᠭᠤᠴᠠᠭᠠᠨ ᠳᠤ ᠪᠠᠰᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ 72 ᠳ᠋ᠤᠭᠠᠷ ᠤᠳᠠᠭ᠎ᠠ ᠶᠢᠨ | ᠲᠡᠷᠢᠭᠦᠯᠡᠭᠴᠢᠳ ᠤᠨ ᠬᠤᠷᠠᠯ ᠢ ᠬᠤᠷᠠᠯᠳᠤᠭᠤᠯᠵᠠᠢ᠃ | |