ᠨᠢᠭᠡᠳᠦᠭᠡᠷ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠯ᠎ᠡ ᠭᠤᠣᠯᠳᠠᠯᠭ᠎ᠠ ᠲᠠᠢ ᠠᠵᠢᠯ ᠲᠦᠷᠦᠯ᠂ ᠬᠠᠷᠢᠶ᠎ᠠ ᠬᠦᠷᠢᠶᠡᠨ ᠤ | ᠠᠮᠤᠷ ᠲᠦᠪᠰᠢᠨ ᠤ ᠵᠠᠰᠠᠯᠲᠠ ᠶᠢ ᠦᠨᠡᠨ ᠬᠦ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠨᠢᠭᠡᠳᠦᠭᠡᠷ ᠵᠡᠭᠡᠯᠢ ᠭᠤᠳᠤᠮᠵᠢ ᠶᠢᠨ ᠬᠢᠨ ᠵᠣᠴᠢᠳ ᠤᠨ ᠪᠠᠭᠤᠳᠠᠯ᠂ | ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠭᠤᠤᠯᠳᠠᠯᠭ᠎ᠠ ᠲᠠᠢ | ᠠᠵᠢᠯ ᠲᠥᠷᠥᠯ ᠤᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠨᠢᠭᠡᠳᠦᠭᠡᠷ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠪᠠᠶᠢᠬᠤ ᠶᠢ ᠦᠨᠡᠨ ᠬᠦ ᠪᠠᠲᠤᠯᠠᠪᠠ᠃ | ᠲᠤᠰ ᠤᠳᠠᠭᠠᠨ ᠤ ᠪᠠᠶᠢᠴᠠᠭᠠᠯᠲᠠ ᠳᠤ᠂ ᠬᠠᠶᠠᠭᠳᠠᠮᠠᠯ ᠡᠳ᠋ ᠬᠤᠳᠠᠯᠳᠤᠨ ᠠᠪᠬᠤ ᠥᠷᠲᠡᠭᠡ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠭᠠᠯ ᠤᠨᠲᠠᠷᠠᠭᠠᠬᠤ | ᠪᠠᠭᠠᠵᠢ ᠬᠡᠷᠡᠭᠰᠡᠯ ᠢ ᠳᠣᠭᠢᠷᠠᠭᠤᠯᠬᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠦᠵᠡᠯ ᠤᠬᠠᠮᠰᠠᠷ ᠢ ᠭᠤᠤᠯᠳᠠᠯᠭ᠎ᠠ ᠲᠠᠢ ᠪᠠᠶᠢᠴᠠᠭᠠᠬᠤ ᠶᠢᠨ ᠬᠠᠮᠲᠤ᠂ | ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠬᠠᠷᠢᠭᠤᠴᠠᠯᠭᠠᠲᠤ ᠨᠢᠭᠡᠴᠢ ᠪᠠ ᠰᠠᠭᠤᠭᠠᠯᠢ ᠠᠷᠠᠳ ᠤᠨ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ ᠠᠮᠤᠷ ᠲᠦᠪᠰᠢᠨ ᠤ | ᠦᠵᠡᠯ ᠤᠬᠠᠮᠰᠠᠷ ᠢ ᠴᠢᠩᠭᠠᠷᠠᠭᠤᠯᠤᠨ᠂ ᠡᠯ᠎ᠡ ᠲᠥᠷᠥᠯ ᠤᠨ ᠠᠶᠤᠯᠭᠦᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠴᠠᠭ | ᠲᠤᠬᠠᠶ ᠳᠤᠨᠢ ᠠᠷᠢᠯᠭᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠢ 70 ᠭᠠᠷᠤᠶ ᠬᠤᠪᠢ ᠲᠠᠷᠬᠠᠭᠠᠵᠤ᠂ ︽ᠭᠤᠷᠪᠠᠨ ᠵᠢᠵᠢᠭ︾ | ᠲᠠᠯᠠᠪᠤᠷ ᠭᠠᠵᠠᠷ ᠢ ᠵᠢᠭᠰᠠᠭᠠᠨ ᠪᠠᠶᠢᠴᠠᠭᠠᠵᠤ᠂ 3 ᠵᠢᠵᠢᠭ ᠦᠢᠯᠡᠳᠭᠡᠯ ᠤᠨ ᠭᠠᠵᠠᠷ᠂ 1 ᠵᠢᠵᠢᠭ ᠦᠢᠯᠡᠳᠭᠡᠯ ᠤᠨ ᠭᠠᠵᠠᠷ᠂ 1 ᠠᠮᠤᠷ ᠲᠦᠪᠰᠢᠨ ᠤ ᠳᠠᠯᠳᠠ ᠬᠡᠮ ᠢ | ᠢᠯᠡᠷᠡᠭᠦᠯᠵᠦ᠂ ᠣᠳᠣᠬᠠᠨ ᠳᠤ ᠶᠠᠭ ᠴᠡᠭᠴᠡᠯᠡᠨ ᠰᠠᠶᠢᠵᠢᠷᠠᠭᠤᠯᠵᠤ ᠪᠠᠶᠢᠨ᠎ᠠ᠃ |