ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠢᠳᠡᠭᠡᠨ ᠤ | ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠬᠦᠷᠢᠶᠡᠨ ᠤ | ᠢᠳᠡᠭᠡᠨ ᠤ ᠠᠮᠤᠷ ᠲᠦᠪᠰᠢᠨ ᠢ ᠪᠦᠲᠦᠮᠵᠢᠲᠡᠶ ᠪᠠᠲᠤᠯᠠᠬᠤ ᠶᠢᠨ ᠲᠥᠯᠥᠭᠡ᠂ 2023 ᠣᠨᠤ 10 ᠰᠠᠷ᠎ᠠ ᠶᠢᠨ 12 ᠤᠨ ᠡᠳᠦᠷ ᠠᠴᠠ ᠡᠬᠢᠯᠡᠨ᠂ ᠵᠠᠯᠠᠶᠢᠨᠠᠭᠤᠷ | ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠪᠠᠷ | ᠠᠵᠠ ᠲᠣᠬᠢᠶᠠᠯ ᠪᠣᠯᠭᠠᠵᠤ᠂ ᠰᠤᠷᠭᠠᠨ ᠬᠥᠮᠦᠵᠢᠯ ᠤᠨ ᠲᠣᠪᠴᠢᠶ᠎ᠠ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ᠳᠠᠭᠠᠳᠬᠠᠯ ᠢ | ᠳᠠᠭᠠᠭᠠᠴᠢᠯᠠᠬᠤ ᠺᠠᠳ᠋ᠷ ᠲᠠᠢ ᠬᠠᠮᠲᠤᠷᠠᠨ 2023 ᠣᠨ ᠤ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠵᠢᠴᠢ | ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠪᠡ᠃ | ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠶᠢᠨ ᠠᠵᠢᠯ ᠨᠢ ᠬᠠᠷᠢᠶᠠᠲᠤ ᠣᠷᠣᠨ ᠤ 13 ᠬᠡᠤᠬᠡᠳ ᠤᠨ ᠴᠡᠴᠡᠷᠯᠢᠭ ᠤᠨ ᠬᠤᠭᠤᠯᠠᠨ ᠬᠡᠷ ᠢ | ᠨᠡᠶᠢᠳᠡᠮ ᠬᠠᠮᠤᠷᠴᠤ᠂ ᠠᠮᠤ ᠪᠤᠳᠠᠭ᠎ᠠ ᠡᠳ᠋ᠰᠢᠭᠦᠯᠬᠦ ᠦᠢᠯᠡᠳᠬᠦᠨ᠂ ᠤᠮᠳᠠᠭᠠᠨ᠂ ᠲᠥᠬᠦᠮ ᠦᠵᠡᠭᠦᠯᠬᠦ ᠢᠳᠡᠭᠡᠨ᠂ ᠪᠣᠭᠤᠷᠰᠤᠭ᠂ ᠢᠳᠡᠭᠡᠨ ᠤᠮᠳᠠᠭᠠᠨ ᠵᠡᠷᠭᠡ 5 | ᠢᠳᠡᠭᠡᠨ ᠤ ᠶᠡᠭᠡ ᠲᠥᠷᠥᠯ ᠳᠤ ᠭᠤᠤᠯᠳᠠᠯᠭ᠎ᠠ ᠲᠠᠢ ᠰᠤᠭᠤᠴᠢᠨ ᠪᠠᠶᠢᠴᠠᠭᠠᠵᠤ ᠬᠢᠨᠠᠨ ᠬᠡᠮᠵᠢᠪᠡ᠃ ᠡᠯ᠎ᠡ ᠲᠥᠷᠥᠯ ᠤᠨ ᠥᠯᠢᠭᠡᠷ ᠡᠳ᠋ ᠢ ᠨᠡᠶᠢᠲᠡ 20 ᠪᠦᠯᠦᠭ | ᠤᠳᠠᠭ᠎ᠠ ᠰᠤᠭᠤᠴᠢᠨ ᠪᠠᠶᠢᠴᠠᠭᠠᠵᠠᠶ᠂ ᠡᠭᠦᠨ ᠳᠤ᠂ ᠰᠤᠷᠭᠠᠭᠤᠯᠢ ᠶᠢᠨ ᠬᠤᠭᠤᠯᠠᠨ ᠬᠡᠷ ᠤᠨ ᠠᠮᠤ ᠪᠤᠳᠠᠭ᠎ᠠ ᠪᠣᠯᠪᠠᠰᠤᠷᠠᠭᠤᠯᠬᠤ ᠡᠳ᠋ 3 ᠪᠦᠯᠦᠭ ᠤᠳᠠᠭ᠎ᠠ᠂ ᠳᠠᠬᠢᠨ | ᠬᠡᠷᠡᠭᠯᠡᠬᠦ ᠢᠳᠡᠭᠡᠨ ᠤᠮᠳᠠᠭᠠᠨ ᠤ ᠪᠠᠭᠠᠵᠢ ᠬᠡᠷᠡᠭᠰᠡᠯ 13 ᠪᠦᠯᠦᠭ ᠤᠳᠠᠭ᠎ᠠ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ 4 ᠪᠦᠯᠦᠭ ᠤᠳᠠᠭ᠎ᠠ | ᠪᠣᠶ᠃ | ᠲᠠᠷᠠᠭᠠᠴᠢ ᠶᠢᠨ ᠠᠯᠬᠤᠮ ᠳᠤ᠂ ᠵᠠᠯᠠᠶᠢᠨᠠᠭᠤᠷ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠰ ᠤᠳᠠᠭᠠᠨ ᠤ | ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠰᠬᠠᠶ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠲᠡᠯᠡᠬᠦ ᠶᠢᠨ | ᠬᠠᠮᠲᠤ ᠰᠤᠭᠤᠴᠢᠨ ᠪᠠᠶᠢᠴᠠᠭᠠᠬᠤ ᠳᠤᠮᠳᠠ ᠬᠢᠷᠢ ᠲᠡᠩᠴᠡᠭᠰᠡᠨ ᠥᠬᠡᠶ ᠢᠳᠡᠭᠡᠨ ᠢ ᠬᠠᠤᠯᠢ ᠶᠣᠰᠣᠭᠠᠷ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠨ᠎ᠡ᠃ |