10 ᠰᠠᠷ᠎ᠠ ᠶᠢᠨ 16 ᠤ ᠡᠳᠦᠷ ᠪᠣᠯ ᠳᠡᠯᠡᠬᠡᠶ ᠶᠢᠨ ᠠᠮᠤ ᠪᠤᠳᠠᠭᠠᠨ ᠤ ᠡᠳᠦᠷ ᠮᠥᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠮᠤ ᠪᠤᠳᠠᠭ᠎ᠠ ᠪᠠᠨ | ᠬᠠᠶᠢᠷᠠᠯᠠᠵᠤ ᠠᠮᠤ ᠪᠤᠳᠠᠭ᠎ᠠ ᠪᠠᠨ ᠠᠷᠪᠢᠯᠠᠬᠤ ᠤᠬᠠᠮᠰᠠᠷ ᠢ ᠲᠦᠭᠡᠮᠡᠯᠵᠢᠭᠦᠯᠵᠦ᠂ ᠪᠣᠯᠪᠠᠰᠤᠨ ᠬᠡᠷᠡᠭᠯᠡᠭᠡ ᠶᠢ ᠪᠣᠶ ᠪᠣᠯᠭᠠᠵᠤ᠂ ᠠᠷᠪᠢᠯᠠᠨ ᠬᠤᠭᠤᠯᠠᠯᠠᠬᠤ ᠰᠠᠶᠢᠨ ᠰᠠᠶᠢᠬᠠᠨ | ᠬᠡᠪ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ 2023 ᠣᠨ ᠤ | 10 ᠰᠠᠷ᠎ᠠ ᠶᠢᠨ 16 ᠤ ᠡᠳᠦᠷ ᠵᠠᠯᠠᠶᠢᠨᠠᠭᠤᠷ ᠲᠣᠭᠤᠷᠢᠭ ᠤᠨ ᠯᠢᠩ ᠴᠢᠤᠸᠠᠨ ᠪᠠᠯᠭᠠᠰᠤᠨ ᠤ ᠰᠢᠩ ᠱᠧᠩ ᠨᠡᠶᠢᠭᠡᠮ ᠲᠣᠭᠤᠷᠢᠭ ︽ᠠᠮᠤ ᠪᠤᠳᠠᠭ᠎ᠠ ᠪᠠᠨ ᠨᠠᠨᠳᠢᠩᠨᠠᠨ | ᠬᠠᠶᠢᠷᠠᠯᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭᠠᠨ ᠤ ᠳᠤᠮᠳᠠ ᠠᠵᠢᠯᠲᠠᠳ ᠰᠠᠭᠤᠭᠠᠯᠢ ᠠᠷᠠᠳ ᠲᠤ ᠠᠮᠤ ᠪᠤᠳᠠᠭᠠᠨ ᠤ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠤᠬᠠᠭᠤᠯᠵᠤ᠂ ᠰᠠᠭᠤᠭᠠᠯᠢ | ᠠᠷᠠᠳ ᠤᠨ ᠠᠮᠢᠳᠤᠷᠠᠯ ᠤᠨ ᠳᠤᠮᠳᠠ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠶᠢ ᠠᠷᠪᠢᠯᠠᠨ ᠭᠠᠮᠨᠠᠬᠤ ᠶᠢ ᠡᠷᠬᠢᠮᠯᠡᠵᠦ᠂ ᠰᠠᠶᠢᠨ ᠰᠠᠶᠢᠬᠠᠨ ᠪᠣᠯᠪᠠᠰᠤᠨ ᠢᠶᠠᠷ | ᠬᠤᠭᠤᠯᠠᠯᠠᠬᠤ ᠳᠠᠳᠬᠠᠯ ᠲᠠᠢ ᠪᠣᠯᠵᠤ᠂ ᠤᠯᠠᠨ ᠢ ᠠᠮᠤ ᠪᠤᠳᠠᠭ᠎ᠠ ᠶᠢ ᠬᠠᠶᠢᠷᠠᠯᠠᠨ᠂ ᠤᠬᠠᠮᠰᠠᠷ ᠠᠴᠠ ᠪᠠᠨ ᠣᠳᠣ ᠠᠴᠠ ᠡᠬᠢᠯᠡᠨ ᠬᠢᠵᠦ᠂ ᠥᠪᠡᠷ ᠤᠨ ᠪᠡᠶ᠎ᠡ ᠠᠴᠠ ᠪᠠᠨ | ᠡᠬᠢᠯᠡᠨ ᠬᠢᠵᠦ᠂ ᠳᠡᠷᠭᠡᠳᠡᠬᠢ ᠬᠥᠮᠦᠰ ᠢᠶᠠᠨ ᠳᠠᠶᠢᠴᠢᠯᠠᠵᠤ᠂ ᠠᠮᠤ ᠪᠤᠳᠠᠭ᠎ᠠ ᠨᠢᠭᠡᠪᠦᠷᠢ ᠶᠢ ᠠᠷᠪᠢᠯᠠᠨ ᠭᠠᠮᠨᠠᠵᠤ᠂ ᠠᠮᠤ ᠪᠤᠳᠠᠭ᠎ᠠ ᠶᠢ ᠪᠦᠷᠢᠯᠭᠡᠨ ᠰᠦᠢᠳᠬᠡᠬᠦ | ᠠᠵᠢᠯᠯᠠᠭ᠎ᠠ ᠶᠢ ᠡᠰᠡᠷᠭᠦᠴᠡᠨ ᠬᠤᠷᠢᠭᠯᠠᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠶᠢ ᠤᠷᠢᠶᠠᠯᠠᠪᠠ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠤᠬᠠᠮᠰᠠᠷ ᠢ ᠴᠢᠩᠭᠠᠷᠠᠭᠤᠯᠵᠤ᠂ | ᠣᠯᠠᠨ ᠢ ᠬᠥᠲᠥᠯᠦᠨ ᠵᠢᠯᠣᠭᠤᠳᠴᠤ ᠪᠠᠶᠢᠭᠠᠳ ᠠᠷᠪᠢᠴᠢ ᠭᠠᠮᠲᠠᠶ ᠪᠠᠷ ᠶᠣᠰᠣ ᠮᠣᠷᠠᠯ ᠢ ᠪᠣᠶ ᠪᠣᠯᠭᠠᠬᠤ᠂ ᠠᠷᠪᠢᠴᠢ ᠭᠠᠮᠲᠠᠶ ᠪᠠᠷ ᠪᠡᠶ᠎ᠡ ᠪᠠᠨ ᠪᠠᠷᠢᠬᠤ ᠪᠣᠯᠪᠠᠰᠤᠨ | ᠣᠨᠣᠯᠵᠢᠬᠤᠨ ᠢ ᠪᠣᠶ ᠪᠣᠯᠭᠠᠵᠤ᠂ ᠣᠯᠠᠨ ᠢᠶᠠᠷ ᠢᠶᠠᠨ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ ᠶᠢ ᠰᠠᠨᠠᠭᠠᠴᠢᠯᠠᠵᠤ᠂ | ︽ᠫᠢᠯᠠ ᠬᠤᠭᠤᠰᠣᠯᠠᠬᠤ ᠠᠵᠢᠯᠯᠠᠭ᠎ᠠ︾ ᠶᠢ ᠦᠢᠯᠡᠳᠦᠯᠭᠡᠵᠢᠭᠦᠯᠵᠦ᠂ ︽ᠢᠳᠡᠭᠡᠨ ᠤᠮᠳᠠᠭᠠᠨ ᠤ ᠲᠠᠯ᠎ᠠ ᠪᠠᠷ ᠪᠦᠷᠢᠯᠭᠡᠨ ᠰᠦᠢᠳᠭᠡᠬᠦ︾ ᠶᠢ ᠡᠰᠡᠷᠭᠦᠴᠡᠨ ᠬᠤᠷᠢᠭᠯᠠᠵᠤ᠂ | ᠪᠣᠯᠪᠠᠰᠤᠨ ᠡᠷᠡᠭᠦᠯ᠂ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠬᠤ ᠶᠢ ᠰᠠᠨᠠᠭᠠᠴᠢᠯᠠᠪᠠ᠃ |