ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠣᠶᠢᠷ᠎ᠠ ᠳᠤ ᠮᠡᠳᠡᠭᠳᠡᠯ ᠳᠠᠷᠤᠮᠠᠯᠯᠠᠨ ᠲᠠᠷᠬᠠᠭᠠᠵᠤ 2023 ᠣᠨ ᠤ ︽ᠬᠡᠷᠡᠭᠯᠡᠭᠡ ᠪᠠᠷ | ᠬᠠᠪᠰᠤᠷᠤᠨ ᠲᠡᠳᠬᠦᠬᠦ ᠠᠯᠲᠠᠨ ᠨᠠᠮᠤᠷ ᠤᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠭᠠᠵᠠᠷ ᠣᠷᠣᠨ᠂ ᠡᠯ᠎ᠡ ᠠᠵᠢᠯ ᠲᠥᠷᠥᠯ᠂ ᠡᠯ᠎ᠡ | ᠰᠢᠰᠲ᠋ᠧᠮ ᠤᠨ ᠬᠢᠨ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠵᠡᠷᠭᠡ ᠲᠠᠢ ᠤᠶᠠᠯᠳᠤᠭᠤᠯᠤᠨ᠂ ︽ᠭᠤᠷᠪᠠᠨ ᠣᠷᠣᠨ | ᠭᠤᠷᠪᠠᠨ ᠵᠧᠦ︾ ᠶᠢᠨ ᠣᠨᠴᠠᠯᠢᠭᠲᠤ ᠦᠢᠯᠡᠳᠬᠦᠨ ᠪᠠ ᠵᠢᠭᠤᠯᠴᠢᠯᠠᠯ ᠤᠨ ᠦᠢᠯᠡᠴᠢᠯᠡᠭᠡᠨ ᠤ ᠬᠡᠷᠡᠭᠯᠡᠭᠡ ᠪᠠᠷ ᠬᠠᠪᠰᠤᠷᠤᠨ ᠲᠡᠳᠬᠦᠬᠦ ᠡᠷᠴᠢᠮ ᠢᠶᠠᠨ ᠤᠯᠠᠮ ᠨᠢᠭᠡ | ᠠᠯᠬᠤᠮ ᠴᠢᠩᠭᠠᠷᠠᠭᠤᠯᠬᠤ ᠶᠢ ᠤᠷᠢᠶᠠᠯᠠᠪᠠ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠳᠤ ᠣᠴᠢᠵᠤ ᠵᠢᠭᠤᠯᠴᠢᠯᠠᠬᠤ ᠶᠢ ᠵᠣᠷᠢᠭᠵᠢᠭᠤᠯᠤᠨ᠎ᠠ᠃ ᠡᠯ᠎ᠡ ᠭᠠᠵᠠᠷ | ᠣᠷᠣᠨ᠂ ᠡᠯ᠎ᠡ ᠰᠢᠰᠲ᠋ᠧᠮ᠂ ᠡᠯ᠎ᠡ ᠠᠵᠢᠯ ᠲᠥᠷᠥᠯ ᠤᠨ ᠬᠢᠨ ᠤ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ | ᠤᠬᠠᠭᠤᠯᠭ᠎ᠠ ᠲᠠᠨᠢᠯᠴᠠᠭᠤᠯᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠵᠤ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠳᠤ ᠠᠵᠢᠯᠴᠢᠨ ᠤ ᠡᠪᠯᠡᠯ ᠤᠨ | ᠠᠵᠢᠯᠯᠠᠭ᠎ᠠ ᠥᠷᠨᠢᠭᠦᠯᠬᠦ ᠶᠢ ᠤᠷᠢᠳ ᠢᠶᠠᠷ ᠲᠣᠬᠢᠷᠠᠭᠤᠯᠵᠤ᠂ ᠺᠠᠳ᠋ᠷ ᠠᠵᠢᠯᠲᠠᠨ ᠪᠠ ᠥᠷᠭᠡᠨ ᠣᠯᠠᠨ ᠬᠤᠲᠠ ᠶᠢᠨ ᠠᠷᠠᠳ ᠤᠨ ᠶᠠᠳᠠᠭᠤ ᠠᠴᠠ ᠠᠩᠭᠢᠵᠢᠷᠠᠭᠰᠠᠨ | ᠭᠠᠵᠠᠷ ᠣᠷᠣᠨ ᠤ ᠦᠢᠯᠡᠳᠬᠦᠨ ᠪᠠ ᠵᠢᠭᠤᠯᠴᠢᠯᠠᠯ ᠤᠨ ᠦᠢᠯᠡᠴᠢᠯᠡᠭᠡ ᠶᠢ ᠬᠡᠷᠡᠭᠯᠡᠬᠦ ᠶᠢ ᠬᠥᠲᠥᠯᠥᠨ ᠵᠢᠯᠤᠭᠤᠳᠴᠤ᠂ ᠬᠥᠭᠵᠢᠭᠡᠳᠦᠢ ᠭᠠᠵᠠᠷ ᠣᠷᠣᠨ ᠤ ᠰᠣᠶᠣᠯ | ᠵᠢᠭᠤᠯᠴᠢᠯᠠᠯ ᠤᠨ ᠦᠢᠯᠡᠴᠢᠯᠡᠭᠡᠨ ᠤ ᠨᠡᠷ᠎ᠡ ᠠᠯᠳᠠᠷᠰᠢᠯ ᠲᠠᠢ ᠪᠤᠯᠬᠤ ᠶᠢ ᠠᠬᠢᠭᠤᠯᠤᠨ᠎ᠠ᠃ | |