ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠤᠷᠤᠭᠰᠢᠲᠠᠶ ᠦᠷᠨᠢᠭᠦᠯᠬᠦ ᠶᠢᠨ ᠲᠦᠯᠦᠭᠡ᠂ | ᠨᠢᠭᠡᠳᠦᠭᠡᠷ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ | ᠠᠵᠢᠯ ᠤᠨ ᠲᠤᠭ᠎ᠠ ᠪᠠᠷᠢᠮᠲᠠ ᠶᠢ ᠬᠢᠨᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ 2023 ᠣᠨ ᠤ 11 ᠰᠠᠷ᠎ᠠ ᠶᠢᠨ 16 ᠤ ᠡᠳᠦᠷ᠂ ᠨᠢᠭᠡᠳᠦᠭᠡᠷ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠳᠡᠮ ᠪᠠᠶᠢᠴᠠᠭᠠᠭᠴᠢ ᠶᠢ ᠵᠣᠬᠢᠶᠠᠨ ᠪᠠᠶᠢᠭᠤᠯᠤᠨ᠂ ᠢᠯᠭᠠᠷᠠᠭᠤᠯᠤᠨ ᠪᠠᠶᠢᠴᠠᠭᠠᠬᠤ ᠱᠠᠲᠤ ᠦᠶ᠎ᠡ ᠶᠢᠨ ᠲᠤᠭ᠎ᠠ | ᠪᠠᠷᠢᠮᠲᠠ ᠪᠠᠷ ᠰᠠᠭᠤᠷᠢ ᠪᠣᠯᠭᠠᠨ᠂ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠬᠡ ᠶᠢᠨ ᠲᠤᠭ᠎ᠠ ᠪᠠᠷᠢᠮᠲᠠ ᠶᠢ ᠡᠷᠦᠬᠡ ᠳᠤ ᠬᠦᠷᠴᠦ ᠳᠠᠬᠢᠨ ᠬᠢᠨᠠᠨ | ᠪᠠᠶᠢᠴᠠᠭᠠᠯᠲᠠ ᠬᠢᠪᠡ᠃ | ᠬᠢᠨᠠᠨ ᠪᠠᠶᠢᠴᠠᠭᠠᠬᠤ ᠶᠠᠪᠤᠴᠠ ᠳᠤ᠂ ᠲᠤᠬᠠᠶ ᠶᠢᠨ ᠲᠠᠯᠠᠪᠠᠶ ᠳᠤ ︽ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠲᠤᠬᠠᠶ ᠶᠢᠨ ᠲᠠᠯᠠᠪᠠᠶᠶᠢᠨ ᠲᠤᠰᠠᠯᠠᠬᠤ | ᠯᠠᠪᠯᠠᠯᠲᠠ ᠶᠢᠨ ᠬᠦᠰᠦᠨᠦᠭᠲᠦ︾ ᠵᠢᠴᠢ ︽ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠲᠤᠬᠠᠶ ᠶᠢᠨ ᠲᠠᠯᠠᠪᠠᠶ ᠶᠢᠨ ᠲᠤᠰᠠᠯᠠᠬᠤ ᠯᠠᠪᠯᠠᠯᠲᠠ ᠶᠢᠨ ᠬᠦᠰᠦᠨᠦᠭᠲᠦ︾ ᠶᠢ | ᠲᠠᠭᠯᠠᠵᠤ᠂ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ ᠬᠢᠨᠠᠨ ᠬᠠᠷᠭᠤᠭᠤᠯᠵᠤ᠂ ᠳᠡᠩᠰᠡᠯᠡᠨ ᠣᠷᠣᠭᠤᠯᠤᠭᠰᠠᠨ ᠮᠡᠳᠡᠭᠡ ᠵᠠᠩᠭᠢ ᠶᠢᠨ ᠪᠦᠷᠢᠨ ᠪᠦᠲᠦᠨ ᠴᠢᠨᠠᠷ | ᠪᠠ ᠣᠨᠣᠪᠴᠢᠲᠤ ᠴᠢᠨᠠᠷ ᠢ ᠦᠨᠡᠨ ᠬᠦ ᠪᠠᠲᠤᠯᠠᠪᠠ᠃ |