ᠨᠢᠭᠡᠳᠦᠭᠡᠷ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2023/11/21
       ᠬᠠᠷᠢᠶᠠᠲᠤ ᠣᠷᠣᠨ ᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠶᠤᠯᠭᠦᠶ ᠦᠢᠯᠡᠳᠪᠦᠷᠢᠯᠡᠯ ᠤᠨ ᠰᠠᠭᠤᠷᠢ ᠶᠢ ᠪᠠᠲᠤᠳᠬᠠᠬᠤ ᠶᠢᠨ ᠲᠥᠯᠥᠭᠡ᠂ 2023 ᠣᠨ ᠤ 11 ᠰᠠᠷ᠎ᠠ ᠶᠢᠨ 9 ᠤ ᠡᠳᠦᠷ᠂ ᠨᠢᠭᠡᠳᠦᠭᠡᠷ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠶ᠎ᠠ ᠣᠷᠣᠨ ᠤ ᠱᠠᠨ ᠹᠧᠩ ᠮᠣᠳᠣᠨ ᠦᠢᠯᠡᠰ ᠤᠨ ᠰᠠᠪᠬ᠎ᠠ ᠢᠯᠭᠠᠨ ᠰᠣᠩᠭᠤᠬᠤ ᠦᠢᠯᠡᠳᠪᠦᠷᠢ ᠶᠢᠨ ᠲᠠᠰᠤᠭ ᠲᠤ ᠲᠣᠰ ᠦᠢᠯᠡᠳᠪᠦᠷᠢ ᠶᠢᠨ ᠠᠵᠢᠯᠴᠢᠳ ᠲᠤ ᠠᠭᠤᠯᠭ᠎ᠠ ᠪᠠᠷ ᠪᠠᠶᠠᠯᠢᠭ᠂ ᠬᠡᠷᠡᠭᠯᠡᠭᠡᠨ ᠤ ᠴᠢᠨᠠᠷ ᠢᠶᠠᠷ ᠴᠢᠩᠭ᠎ᠠ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠬᠢᠪᠡ᠃       ᠪᠣᠯᠪᠠᠰᠤᠷᠠᠯ ᠤᠨ ᠠᠭᠤᠯᠭ᠎ᠠ ᠨᠢ ᠵᠥᠪ ᠣᠨᠣᠪᠴᠢᠲᠠᠶ ᠠᠮᠢ ᠵᠢᠭᠤᠲᠠᠬᠤ ᠠᠷᠭ᠎ᠠ ᠬᠡᠯᠪᠡᠷᠢ᠂ ᠭᠠᠯ ᠤᠨᠲᠠᠷᠠᠭᠠᠭᠤᠷ ᠢ ᠵᠥᠪ ᠬᠡᠷᠡᠭᠯᠡᠬᠦ ᠠᠷᠭ᠎ᠠ ᠵᠢᠴᠢ ᠡᠳᠦᠷ ᠲᠤᠲᠤᠮ ᠤᠨ ᠲᠦᠷᠭᠡᠨ ᠠᠪᠤᠷᠠᠬᠤ ᠵᠡᠷᠭᠡ ᠬᠠᠮᠢᠶ᠎ᠠ ᠪᠦᠬᠦᠢ ᠶᠡᠷᠦ ᠶᠢᠨ ᠮᠡᠳᠡᠯᠭᠡ ᠶᠢ ᠬᠠᠮᠤᠷᠪᠠ︔ ᠪᠣᠯᠪᠠᠰᠤᠷᠠᠭᠤᠯᠤᠯ ᠤᠨ ᠶᠠᠪᠤᠴᠠ ᠳᠤ᠂ ᠠᠮᠢᠳᠤᠯᠢᠭ ᠬᠡᠷᠡᠭ ᠤᠨ ᠵᠢᠱᠢᠶ᠎ᠡ ᠶᠢ ᠵᠠᠳᠠᠯᠬᠤ ᠪᠠ ᠲᠤᠬᠠᠶ ᠶᠢᠨ ᠲᠠᠯᠠᠪᠤᠷ ᠤᠨ ᠳᠠᠭᠤᠷᠢᠶᠠᠮᠠᠯ ᠰᠣᠷᠢᠯᠲᠠ ᠪᠠᠷ ᠳᠠᠮᠵᠢᠭᠤᠯᠤᠨ᠂ ᠠᠵᠢᠯᠲᠠᠳ ᠢ ᠭᠠᠯ ᠤᠨᠲᠠᠷᠠᠭᠠᠬᠤ ᠠᠮᠤᠷ ᠲᠦᠪᠰᠢᠨ ᠤ ᠲᠤᠬᠠᠶ ᠨᠠᠩ ᠰᠢᠭᠤᠳ᠂ ᠨᠠᠩ ᠭᠦᠨᠵᠡᠭᠡᠶ ᠣᠶᠢᠯᠠᠭᠠᠯᠲᠠ ᠲᠠᠢ ᠪᠣᠯᠭᠠᠬᠤ ᠶᠢᠨ ᠬᠠᠮᠲᠤ ᠪᠠᠰᠠ ᠲᠡᠳᠡᠨ ᠢ ᠬᠠᠪᠰᠤᠷᠤᠨ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠬᠠᠮᠢᠶ᠎ᠠ ᠪᠥᠬᠦᠶ ᠤᠷ᠎ᠠ ᠴᠢᠳᠠᠪᠤᠷᠢ ᠶᠢ ᠡᠵᠡᠮᠰᠢᠭᠦᠯᠵᠦ᠂ ᠲᠣᠰ ᠪᠡᠶ᠎ᠡ ᠶᠢᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠪᠡ᠃
ᠢᠷᠡᠯᠲᠡ᠄ ᠵᠠᠯᠠᠶᠢᠨᠠᠭᠤᠷ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ