ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠠᠳᠬᠤᠵᠤ᠂ | ᠤᠯᠠᠷᠢᠯ ᠤᠨ ᠴᠢᠨᠠᠷᠲᠠᠶ ᠠᠮᠤᠷ ᠲᠦᠪᠰᠢᠨ ᠤ ᠠᠳᠡᠯ ᠤᠨ ᠬᠡᠮ ᠰᠣᠭᠤᠭ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠬᠤ ᠪᠠ ᠠᠷᠢᠯᠭᠠᠬᠤ ᠶᠢᠨ ᠲᠤᠰᠠᠳᠠ᠂ 2023 | ᠣᠨ ᠤ 11 ᠰᠠᠷ᠎ᠠ ᠶᠢᠨ 15 ᠤ ᠡᠳᠦᠷ᠂ ᠵᠠᠯᠠᠶᠢᠨᠠᠭᠤᠷ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠶᠦᠩ ᠯᠢᠩ | ᠳᠤᠭᠤᠶᠢᠯᠠᠩ ᠳᠠᠭᠠᠭᠤᠯᠤᠨ ᠲᠤᠭᠤᠷᠢᠭ ᠤᠨ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠡᠶ᠎ᠡ ᠶᠢᠨ ᠲᠠᠮᠢᠷ ᠤᠨ ᠣᠷᠳᠣᠨ ᠤ ᠠᠮᠤᠷ ᠲᠦᠪᠰᠢᠨ᠂ ᠴᠠᠬᠢᠯᠭᠠᠨ | ᠬᠡᠷᠡᠭᠯᠡᠬᠦ ᠵᠢᠴᠢ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠪᠠᠶᠢᠴᠠᠭᠠᠵᠤ ᠰᠢᠮᠳᠠᠭᠤᠯᠤᠨ ᠵᠢᠯᠣᠭᠤᠳᠪᠠ᠃ | ᠪᠠᠶᠢᠴᠠᠭᠠᠬᠤ ᠬᠤᠭᠤᠴᠠᠭᠠᠨ ᠳᠤ᠂ ᠯᠢᠦ ᠶᠦᠩ ᠯᠢᠩ ᠨᠡᠷ ᠤᠷᠢᠳ ᠬᠤᠵᠢᠳ ᠵᠢᠶᠧ ᠹᠠᠨᠭ᠌ ᠵᠡᠭᠡᠯᠢ ᠶᠢᠨ ᠬᠡᠤᠬᠡᠳ ᠤᠨ ᠴᠡᠴᠡᠷᠯᠢᠭ᠂ ᠬᠤᠶᠠᠳᠤᠭᠠᠷ | ᠳᠤᠮᠳᠠᠳᠤ ᠰᠤᠷᠭᠠᠭᠤᠯᠢ᠂ ᠬᠤᠶᠠᠳᠤᠭᠠᠷ ᠬᠡᠤᠬᠡᠳ ᠤᠨ ᠴᠡᠴᠡᠷᠯᠢᠭ ᠵᠡᠷᠭᠡ ᠨᠢᠭᠡᠴᠢ ᠳᠤ ᠬᠦᠷᠴᠦ᠂ ᠡᠯ᠎ᠡ ᠨᠢᠭᠡᠴᠢ ᠶᠢᠨ ᠪᠡᠶ᠎ᠡ ᠶᠢᠨ ᠲᠠᠮᠢᠷ ᠤᠨ ᠣᠷᠳᠣᠨ ᠤ | ᠬᠤᠷᠠᠭᠰᠠᠨ ᠴᠠᠰᠤ ᠶᠢ ᠴᠡᠪᠡᠷᠯᠡᠭᠰᠡᠨ ᠪᠠᠶᠢᠳᠠᠯ᠂ ᠰᠤᠷᠭᠠᠭᠤᠯᠢ ᠶᠢᠨ ᠳᠣᠲᠣᠷᠠᠬᠢ ︵ᠴᠡᠴᠡᠷᠯᠢᠭ︶ ᠴᠠᠬᠢᠯᠭᠠᠨ ᠬᠡᠷᠡᠭᠯᠡᠬᠦ ᠵᠠᠮ ᠱᠤᠭᠤᠮ᠂ ᠴᠠᠬᠢᠯᠭᠠᠨ ᠬᠡᠷᠡᠭᠯᠡᠬᠦ | ᠲᠥᠬᠦᠭᠡᠷᠦᠮᠵᠢ ᠶᠢᠨ ᠪᠠᠶᠢᠳᠠᠯ ᠵᠢᠴᠢ ᠡᠯ᠎ᠡ ᠬᠡᠤᠬᠡᠳ ᠤᠨ ᠴᠡᠴᠡᠷᠯᠢᠭ ᠤᠨ ᠲᠣᠭᠤᠭᠠᠨ ᠬᠡᠷ ᠤᠨ ᠢᠳᠡᠭᠡᠨ ᠬᠤᠳᠠᠯᠳᠤᠨ ᠠᠪᠬᠤ᠂ ᠬᠠᠳᠠᠭᠠᠯᠠᠬᠤ᠂ ᠬᠢᠬᠦ ᠵᠡᠷᠭᠡ | ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠡᠯ᠎ᠡ ᠨᠢᠭᠡᠴᠢ ᠶᠢ ᠰᠢᠮᠳᠠᠭᠤᠯᠵᠤ᠂ ᠡᠯ᠎ᠡ ᠱᠠᠲᠤᠨ ᠤ ᠣᠶᠢᠷ᠎ᠠ ᠶᠢᠨ ᠬᠤᠭᠤᠴᠠᠭᠠᠨ ᠤ ᠤᠯᠠᠷᠢᠯ ᠤᠨ ᠴᠢᠨᠠᠷᠲᠠᠶ ᠠᠳᠡᠯ ᠢ | ᠰᠡᠷᠭᠡᠶᠢᠯᠡᠬᠦ ᠵᠢᠴᠢ ᠢᠳᠡᠭᠡᠨ ᠤ ᠠᠮᠤᠷ ᠲᠦᠪᠰᠢᠨ ᠤ ᠬᠤᠷᠠᠯ᠂ ᠮᠡᠳᠡᠭᠳᠡᠯ᠂ ᠵᠢᠭᠠᠪᠤᠷᠢ ᠶᠢᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ | ᠠᠮᠤᠷ ᠲᠦᠪᠰᠢᠨ ᠤ ᠳᠠᠯᠳᠠ ᠬᠡᠮ ᠢ ᠦᠨᠡᠨ ᠬᠦ ᠠᠷᠢᠯᠭᠠᠪᠠ᠃ |