ᠶᠡᠷᠦᠩᠬᠡᠢ ᠱᠦᠵᠢ ᠰᠢ ᠶᠢᠨ ᠫᠢᠩ ᠵᠢᠭᠠᠬᠤ ᠳᠠᠭᠠᠨ᠂ ᠠᠵᠤ ᠠᠬᠤᠢ ᠶᠢᠨ ᠰᠢᠰᠲ᠋ᠧᠮ ᠤᠨ | ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠶᠢᠨ ᠵᠠᠩᠬᠢᠯᠠᠭ᠎ᠠ ᠨᠢ ᠵᠠᠰᠠᠭ ᠤᠨ ᠤᠷᠳᠤᠨ ᠪᠤᠯᠤᠨ ᠵᠠᠬ᠎ᠠ ᠲᠡᠯᠬᠡᠬᠦᠷ ᠤᠨ | ᠬᠠᠷᠢᠴᠠᠭ᠎ᠠ ᠶᠢ ᠰᠡᠶᠢᠳᠤᠷ ᠰᠢᠢᠳᠪᠤᠷᠢᠯᠡᠵᠦ᠂ ᠡᠬᠢ ᠪᠠᠶᠠᠯᠢᠭ ᠤᠨ ᠬᠤᠪᠢᠶᠠᠷᠢᠯᠡᠯᠳᠡ ᠶᠢᠨ ᠶᠠᠪᠤᠴᠠ ᠳᠠᠬᠢ ᠵᠠᠬ᠎ᠠ | ᠲᠡᠯᠬᠡᠬᠦᠷ ᠤᠨ ᠰᠢᠢᠳᠪᠤᠷᠢᠯᠡᠬᠦ ᠴᠢᠨᠡᠷᠳᠡᠢ ᠦᠢᠯᠡᠳᠦᠯ ᠪᠤᠯᠤᠨ ᠵᠠᠰᠠᠭ ᠤᠨ ᠤᠷᠳᠤᠨ ᠤ ᠦᠢᠯᠡᠳᠦᠯ ᠢ ᠨᠡᠩ ᠰᠠᠶᠢᠨ | ᠪᠠᠳᠠᠷᠠᠭᠤᠯᠬᠤ ᠳᠤ ᠪᠠᠶᠢᠨ᠎ᠠ᠃ ᠵᠠᠰᠠᠭ ᠵᠠᠬᠢᠷᠭᠠᠨ ᠤ ᠵᠦᠪᠰᠢᠶᠡᠷᠡᠯ ᠤᠯᠭᠤᠬᠤ ᠲᠦᠷᠢᠮ ᠤᠨ ᠦᠬᠡᠷᠡᠴᠢᠯᠡᠯᠳᠡ ᠶᠢ | ᠬᠦᠨᠵᠡᠬᠡᠶᠢᠷᠡᠬᠦᠯᠵᠦ᠂ ᠵᠠᠰᠠᠭ ᠢ ᠴᠤᠮᠠᠳᠬᠠᠨ ᠡᠷᠬᠡ ᠶᠢ ᠲᠤᠷᠤᠭᠰᠢ ᠪᠠᠭᠤᠯᠭᠠᠬᠤ ᠶᠢ ᠠᠬᠢᠭᠤᠯᠵᠤ᠂ ᠡᠷᠬᠡ | ᠲᠤᠰᠢᠶᠠᠯ ᠤᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠬᠠᠮᠢᠶᠠᠷᠤᠯᠳᠡ ᠶᠢ | ᠬᠦᠨᠵᠡᠬᠡᠶᠢᠷᠡᠬᠦᠯᠬᠦ ᠶᠢᠨ ᠬᠠᠮᠳᠤ ᠠᠵᠢᠯ ᠶᠠᠪᠤᠳᠠᠯ ᠢ ᠬᠦᠢᠴᠡᠳᠬᠡᠬᠦ ᠡᠮᠦᠨ᠎ᠡ ᠬᠤᠶᠢᠨᠠᠬᠢ ᠠᠵᠢᠯ ᠤᠨ ᠬᠢᠨᠡᠨ | ᠬᠠᠮᠢᠶᠠᠷᠤᠯᠳᠡ ᠶᠢ ᠴᠢᠩᠭᠠᠳᠬᠠᠬᠤ ᠭᠡᠷᠡᠭᠳᠡᠢ ᠬᠡᠵᠠᠢ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠦᠬᠦᠷ ᠰᠢ ᠶᠢᠨ ᠫᠢᠩ ᠢᠶᠠᠷ ᠭᠤᠤᠯ | ᠪᠤᠯᠭᠠᠭᠰᠠᠨ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ ᠮᠠᠨ ᠤ ᠤᠯᠤᠰ ᠤᠨ ᠨᠡᠶᠢᠭᠡᠮ | ᠵᠢᠷᠤᠮ ᠤᠨ ᠵᠠᠬ᠎ᠠ ᠲᠡᠯᠬᠡᠬᠦᠷ ᠤᠨ ᠠᠵᠤ ᠠᠬᠤᠢ ᠶᠢᠨ ᠰᠢᠰᠲ᠋ᠧᠮ ᠨᠡᠩ ᠰᠢᠰᠲ᠋ᠧᠮᠵᠢᠨ ᠲᠡᠬᠦᠯᠳᠡᠷᠵᠢᠵᠦ᠂ ᠨᠡᠩ | ᠪᠤᠯᠪᠠᠰᠤᠷᠠᠩᠭᠤᠢ ᠪᠣᠯᠵᠣ ᠬᠡᠪᠰᠢᠵᠦ᠂ ᠤᠯᠤᠰ ᠤᠨ ᠵᠠᠰᠠᠨ ᠴᠡᠭᠴᠡᠯᠡᠬᠦ ᠰᠢᠰᠲ᠋ᠧᠮ ᠪᠤᠯᠤᠨ ᠵᠠᠰᠠᠨ ᠴᠡᠭᠴᠡᠯᠡᠬᠦ | ᠴᠢᠳᠡᠪᠤᠷᠢ ᠶᠢᠨ ᠤᠳᠤᠬᠢᠴᠢᠯᠠᠯᠳᠠ ᠶᠢᠨ ᠲᠦᠪᠰᠢᠨ ᠲᠠᠰᠤᠷᠠᠯᠳᠡ ᠦᠬᠡᠢ ᠲᠡᠭᠡᠭᠰᠢᠯᠡᠭᠰᠡᠨ ᠪᠠᠶᠢᠨ᠎ᠠ᠃ | ︽ᠰᠢᠨ᠎ᠡ ᠴᠠᠭ ᠦᠶ᠎ᠡ ᠶᠢᠨ ᠭᠡᠷᠡᠴᠢᠯᠡᠭᠴᠢ︾ ᠬᠡᠰᠡᠨ ᠲᠤᠰᠬᠠᠢ ᠨᠡᠪᠳᠡᠷᠡᠬᠦᠯᠬᠡ ᠶᠢᠨ ᠡᠨᠡ ᠴᠠᠭ ᠤᠨ | ᠳ᠋ᠤᠭᠠᠷ ᠲᠤ ︽ᠦᠬᠡᠷᠡᠴᠢᠯᠡᠯᠳᠡ ᠶᠢ ᠬᠦᠨᠵᠡᠬᠡᠶᠢᠷᠡᠬᠦᠯᠦᠭᠰᠡᠨ ᠲᠤᠮᠤᠬᠠᠨ ᠬᠤᠪᠢᠰᠤᠯᠳᠠᠶᠢ ᠭᠡᠷᠡᠴᠢᠯᠡᠭᠰᠡᠨ 109 | ᠠᠯᠪᠡᠨ ᠲᠠᠮᠠᠭ᠎ᠠ︾ ᠬᠡᠰᠡᠨ ᠮᠡᠳᠡᠭᠡᠯᠡᠯ ᠢ ᠬᠦᠷᠭᠡᠶ᠎ᠡ᠃ | ᠲᠢᠶᠠᠨᠵᠢᠨ ᠬᠤᠲᠠ ᠶᠢᠨ ᠪᠢᠨ ᠬᠠᠢ ᠰᠢᠨ᠎ᠡ ᠲᠤᠭᠤᠷᠢᠭ ᠲᠤ ᠠᠪᠴᠦ ᠬᠡᠯᠡᠪᠡᠯ᠂ 2014 ᠤᠨ ᠤ 5 | ᠳ᠋ᠤᠭᠠᠷ ᠰᠠᠷ᠎ᠠ ᠶᠢᠨ 20 ᠤ ᠡᠳᠤᠷ ᠪᠤᠯ ᠴᠠᠭ ᠦᠶ᠎ᠡ ᠶᠢ ᠵᠠᠭᠠᠭᠯᠠᠭᠰᠠᠨ ᠨᠢᠭᠡᠨ ᠡᠳᠤᠷ ᠶᠤᠮ᠃ ᠡᠨᠡ ᠡᠳᠤᠷ ᠲᠤ | ᠪᠢᠨ ᠬᠠᠢ ᠰᠢᠨ᠎ᠡ ᠲᠤᠭᠤᠷᠢᠭ ᠲᠤ ᠪᠦᠬᠦ ᠤᠯᠤᠰ ᠤᠨ ᠠᠩᠬᠠᠨ ᠤ ︽ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ | ᠲᠤᠪᠴᠢᠶ᠎ᠠ︾ ᠶᠢ ᠪᠠᠶᠢᠭᠤᠯᠵᠤ᠂ ᠠᠳᠠᠯᠢ ᠪᠤᠰᠤ 18 ᠪᠠᠶᠢᠭᠤᠯᠭ᠎ᠠ ᠨᠢᠭᠡᠴᠡ ᠶᠢᠨ ᠲᠤᠰ ᠲᠤᠰ ᠲᠠᠭᠠᠨ ᠬᠤᠪᠢᠳᠡᠨ | ᠬᠠᠮᠢᠶᠠᠷᠴᠦ ᠪᠠᠶᠢᠭᠰᠠᠨ 216 ᠵᠦᠢᠯ ᠤᠨ ᠬᠢᠨᠡᠵᠦ ᠵᠦᠪᠰᠢᠶᠡᠷᠡᠯ ᠣᠯᠭᠤᠬᠤ ᠬᠠᠷᠢᠭᠤᠴᠠᠯᠭ᠎ᠠ ᠶᠢ ᠨᠢᠬᠡ ᠰᠠᠯᠠᠭ᠎ᠠ | ᠮᠦᠴᠢᠷ ᠲᠤ ᠨᠢᠬᠡᠳᠭᠡᠨ ᠬᠠᠷᠢᠭᠤᠴᠠᠭᠤᠯᠤᠭᠰᠠᠨ ᠢᠶᠠᠷ ᠦᠩᠬᠡᠷᠡᠭᠰᠡᠨ ᠳᠤ ᠭᠡᠷᠡᠭᠯᠡᠵᠦ ᠪᠠᠶᠢᠭᠰᠠᠨ 109 ᠠᠯᠪᠡᠨ | ᠲᠠᠮᠠᠭ᠎ᠠ ᠬᠦᠴᠦᠨ ᠦᠬᠡᠢ ᠪᠣᠯᠵᠣ᠂ ᠭᠡᠷᠡᠭᠯᠡᠭᠡᠨ ᠠᠴᠠ ᠭᠠᠷᠤᠭᠰᠠᠨ ᠪᠠᠶᠢᠨ᠎ᠠ᠃ ᠲᠤᠬᠠᠢ ᠶᠢᠨ ᠦᠶ᠎ᠡ ᠳᠤ ᠲᠢᠶᠠᠨᠵᠢᠨ | ᠬᠤᠲᠠ ᠶᠢᠨ ᠪᠢᠨ ᠬᠠᠢ ᠰᠢᠨ᠎ᠡ ᠲᠤᠭᠤᠷᠢᠭ ᠤᠨ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ ᠲᠤᠪᠴᠢᠶᠠᠨ ᠤ | ᠲᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠵᠠᠩ ᠲᠢᠶᠧ ᠵᠢᠶᠦ᠋ᠨ ᠬᠡᠯᠡᠬᠦ ᠳᠡᠭᠡᠨ᠂ ᠦᠩᠬᠡᠷᠡᠭᠰᠡᠨ ᠤ 18 | ᠪᠠᠶᠢᠭᠤᠯᠭ᠎ᠠ ᠨᠢᠬᠡᠴᠡ ᠶᠢᠨ ᠬᠢᠨᠡᠵᠦ ᠵᠦᠪᠰᠢᠶᠡᠷᠡᠯ ᠤᠯᠭᠤᠬᠤ ᠲᠠᠮᠠᠭ᠎ᠠ ᠶᠢ ᠬᠢᠨᠡᠨ ᠵᠦᠪᠰᠢᠶᠡᠷᠡᠬᠦ ᠲᠤᠪᠴᠢᠶᠠᠨ ᠤ | ᠬᠢᠨᠡᠵᠦ ᠵᠦᠪᠰᠢᠶᠡᠷᠡᠯ ᠤᠯᠭᠤᠬᠤ ᠲᠠᠮᠠᠭ᠎ᠠ ᠪᠤᠯᠭᠠᠨ ᠴᠤᠮᠠᠳᠬᠠᠵᠤ᠂ ᠨᠢᠬᠡ ᠯᠡ ᠲᠠᠮᠠᠭ᠎ᠠ ᠪᠠᠷ ᠪᠦᠬᠦ ᠠᠵᠢᠯ ᠢᠶᠠᠨ | ᠬᠦᠢᠴᠡᠳᠬᠡᠬᠦ ᠪᠤᠯᠭᠠᠯ᠎ᠠ ᠬᠡᠵᠠᠢ᠃ | 4 ᠰᠠᠷ᠎ᠠ ᠶᠢᠨ ᠬᠢᠨᠢ ᠲᠠᠷᠠᠭ᠎ᠠ᠂ ᠲᠢᠶᠠᠨᠵᠢᠨ ᠬᠤᠲᠠ ᠶᠢᠨ ᠪᠢᠨ ᠬᠠᠢ ᠰᠢᠨ᠎ᠡ ᠲᠤᠭᠤᠷᠢᠭ ᠤᠨ ᠵᠠᠰᠠᠭ | ᠵᠠᠬᠢᠷᠭᠠᠨ ᠤ ᠬᠢᠨᠡᠨ ᠵᠦᠪᠰᠢᠶᠡᠷᠡᠬᠦ ᠲᠤᠪᠴᠢᠶᠠᠨ ᠤ ᠠᠵᠢᠯ ᠶᠠᠪᠤᠳᠡᠯ ᠬᠦᠢᠴᠡᠳᠬᠡᠬᠦ ᠲᠢᠩᠬᠢᠮ ᠳᠤ ᠡᠨᠡ 109 ᠠᠯᠪᠡᠨ | ᠲᠠᠮᠠᠭ᠎ᠠ ᠲᠡᠭᠡᠷ᠎ᠡ ᠴᠠᠭᠠᠨ ᠦᠩᠬᠡ ᠪᠠᠷ ᠯᠠᠴᠠᠳᠡᠵᠦ᠂ ᠲᠡᠭᠦᠨ ᠢ ᠬᠠᠶᠢᠷᠴᠠᠭᠯᠠᠨ ᠬᠠᠳᠠᠭᠠᠯᠠᠭᠰᠠᠨ ᠪᠠᠶᠢᠨ᠎ᠠ᠃ | ᠲᠢᠶᠠᠨᠵᠢᠨ ᠬᠤᠲᠠ ᠶᠢᠨ ᠪᠢᠨ ᠬᠠᠢ ᠰᠢᠨ᠎ᠡ ᠲᠤᠭᠤᠷᠢᠭ ᠤᠨ ᠵᠠᠰᠠᠭ ᠤᠨ ᠶᠠᠪᠤᠳᠡᠯ ᠤᠨ ᠦᠢᠯᠡᠴᠢᠯᠡᠬᠡᠨ ᠤ ᠠᠯᠪᠡᠨ | ᠭᠡᠷ ᠤᠨ ᠬᠢᠨᠡᠨ ᠵᠦᠪᠰᠢᠶᠡᠷᠡᠬᠦ ᠲᠠᠰᠤᠭ ᠤᠨ ᠡᠷᠬᠢᠯᠡᠭᠴᠢ ᠪᠦᠸᠧ ᠸᠧᠨ ᠹᠦ᠋ ᠬᠡᠯᠡᠬᠦ ᠳᠡᠭᠡᠨ᠂ ᠦᠬᠡᠷᠡᠴᠢᠯᠡᠯᠳᠡ | ᠬᠢᠬᠦ ᠠᠴᠠ ᠡᠮᠦᠨ᠎ᠡ᠂ ᠪᠢᠳᠡ ᠲᠦᠷᠦᠯ ᠵᠦᠢᠯ ᠢ ᠲᠤᠭᠳᠠᠭᠠᠬᠤ ᠠᠴᠠ ᠠᠪᠤᠭᠠᠳ ᠪᠠᠷᠢᠵᠦ ᠪᠠᠶᠢᠭᠤᠯᠬᠤ | ᠵᠦᠪᠰᠢᠶᠡᠷᠡᠯ ᠤᠨ ᠦᠨᠡᠮᠯᠡᠯ ᠠᠪᠬᠤ ᠪᠤᠯᠳᠠᠯ᠎ᠠ ᠪᠠᠷᠤᠭ 200 ᠭᠠᠷᠤᠢ ᠬᠤᠨᠤᠭ ᠭᠡᠷᠡᠭᠰᠡᠵᠦ᠂ ᠬᠡᠳᠤᠨ ᠠᠷᠪᠠᠭᠠᠳ | ᠴᠢᠨᠠᠭᠰᠢᠯᠠᠪᠠᠯ ᠵᠠᠭᠤᠭᠠᠳ ᠲᠠᠮᠠᠭ᠎ᠠ ᠲᠠᠷᠤᠳᠠᠭ ᠪᠠᠶᠢᠯ᠎ᠠ᠃ ᠤᠳᠤ ᠡᠨᠡ 109 ᠲᠠᠮᠠᠭ᠎ᠠ ᠶᠢ ᠯᠠᠴᠠᠳᠡᠵᠦ | ᠬᠠᠳᠠᠭᠠᠯᠠᠴᠢᠬᠠᠯᠠ᠂ ᠬᠤᠶᠢᠰᠢᠳᠡ ᠪᠢᠳᠡ ᠡᠷᠬᠡ ᠶᠢ ᠲᠤᠷᠤᠭᠰᠢ ᠪᠠᠭᠤᠯᠭᠠᠨ ᠬᠢᠨᠡᠯᠳᠡ ᠬᠠᠮᠢᠶᠠᠷᠤᠯᠳᠡ ᠶᠢ | ᠴᠢᠩᠭᠠᠳᠬᠠᠵᠤ ᠦᠢᠯᠡᠴᠢᠯᠡᠭᠡ ᠶᠢ ᠰᠢᠯᠢᠳᠡᠭᠵᠢᠬᠦᠯᠬᠦ ᠠᠵᠢᠯ ᠢ ᠦᠷᠬᠦᠯᠵᠢᠯᠡᠨ ᠡᠷᠴᠢᠳᠡᠢ ᠠᠬᠢᠭᠤᠯᠬᠤ ᠪᠤᠯᠤᠨ᠎ᠡ ᠬᠡᠵᠠᠢ᠃ | | 109 ᠠᠯᠪᠡᠨ ᠲᠠᠮᠠᠭ᠎ᠠ ᠶᠢᠨ ᠦᠢᠯᠡᠳᠦᠯ ᠢ 1 ᠲᠠᠮᠠᠭᠠᠨ ᠲᠡᠭᠡᠷ᠎ᠡ ᠴᠤᠮᠠᠳᠬᠠᠭᠰᠠᠨ ᠤ ᠴᠠᠭᠠᠨ᠎ᠠ ᠨᠢ ᠠᠵᠢᠯ | ᠶᠠᠪᠤᠳᠠᠯ ᠬᠢᠬᠦ ᠳᠡᠭᠡᠨ ᠡᠷᠡᠰ ᠰᠢᠭᠤᠷᠬᠠᠢ ᠪᠠᠶᠢᠵᠦ᠂ ᠲᠠᠳᠠᠭᠠᠯᠵᠠᠨ ᠲᠦᠳᠡᠭᠡᠯᠵᠡᠬᠦ ᠦᠬᠡᠢ ᠪᠠᠶᠢᠬᠤ ᠡᠷᠴᠢ ᠵᠤᠷᠢᠭ ᠢ | ᠬᠠᠷᠠᠭᠤᠯᠤᠭᠰᠠᠨ ᠪᠠᠶᠢᠨ᠎ᠠ᠃ ᠡᠳᠡᠭᠡᠷ ᠦᠬᠡᠷᠡᠴᠢᠯᠡᠯᠳᠡ ᠪᠠᠷ ᠲᠠᠮᠵᠢᠭᠤᠯᠤᠨ ᠲᠢᠶᠠᠨᠵᠢᠨ ᠬᠤᠲᠠ ᠶᠢᠨ ᠪᠢᠨ ᠬᠠᠢ | ᠰᠢᠨ᠎ᠡ ᠲᠤᠭᠤᠷᠢᠭ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ ᠦᠬᠡᠷᠡᠴᠢᠯᠡᠯᠳᠡ ᠶᠢ ᠤᠷᠢᠳᠴᠢᠯᠠᠨ | ᠲᠤᠷᠰᠢᠨ ᠠᠵᠢᠯᠯᠠᠭᠤᠯᠬᠤ ᠬᠤᠰᠢᠭᠤᠴᠢ ᠪᠤᠯᠵᠡᠢ᠃ |