ᠯᠢ ᠺᠧ ᠴᠢᠶᠠᠩ ᠫᠠᠺᠢᠰᠲ᠋ᠠᠨ ᠤ ᠶᠡᠷᠦᠩᠬᠡᠢ ᠰᠠᠶᠢᠳ ᠱᠠᠬᠪᠠᠽᠢ ᠳᠤ ᠲᠣᠬᠤᠨᠢᠭᠤᠯᠬᠤ ᠴᠠᠭᠢᠯᠭᠠᠨ ᠴᠢᠮᠡᠭᠡ | ᠶᠠᠪᠤᠭᠤᠯᠪᠠ | 2 ᠰᠠᠷ᠎ᠠ ᠶᠢᠨ 1 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠫᠠᠺᠢᠰᠲ᠋ᠠᠨ ᠳᠤ ᠬᠦᠨᠳᠦ ᠨᠣᠴᠢᠲᠠᠢ | ᠰᠦᠷᠳᠡᠭᠦᠯᠦᠯ ᠤᠨ ᠳᠠᠭᠠᠷᠢᠯᠲᠠ ᠶᠢᠨ ᠬᠡᠷᠡᠭ ᠭᠠᠷᠤᠭᠰᠠᠨ ᠲᠤᠬᠠᠢ ᠫᠠᠺᠢᠰᠲ᠋ᠠᠨ ᠤ ᠶᠡᠷᠦᠩᠬᠡᠶᠢᠯᠡᠭᠴᠢ ᠠᠷᠸᠧᠢ ᠳᠤ | ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ᠃ | ᠰᠢ ᠶᠢᠨ ᠫᠢᠩ᠂ ᠡᠷᠬᠢᠮ ᠤᠯᠤᠰ ᠤᠨ ᠺᠠᠶᠢᠫᠦ᠋ ᠮᠤᠵᠢ ᠶᠢᠨ ᠪᠧᠱᠤᠸᠧᠷ ᠬᠤᠳᠠ ᠳᠤ ᠬᠦᠨᠳᠦ ᠨᠣᠴᠢᠲᠠᠢ | ᠰᠦᠷᠳᠡᠭᠦᠯᠦᠯ ᠤᠨ ᠳᠠᠭᠠᠷᠢᠯᠲᠠ ᠶᠢᠨ ᠬᠡᠷᠡᠭ ᠭᠠᠷᠴᠤ᠂ ᠬᠥᠮᠥᠨ ᠬᠠᠷ᠎ᠠ ᠬᠦᠨᠳᠦ ᠨᠣᠴᠢᠲᠠᠢ ᠠᠳᠡᠵᠦ ᠰᠢᠷᠬᠠᠲᠤᠭᠰᠠᠨ ᠢ | ᠰᠣᠴᠢᠰᠬᠢᠨ ᠰᠣᠨᠣᠰᠤᠯ᠎ᠠ᠃ ᠪᠢ ᠳᠤᠮᠳᠠᠳᠤ ᠤᠯᠤᠰ ᠤᠨ ᠵᠠᠰᠠᠭᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ | ᠲᠦᠮᠡᠨ ᠤ ᠡᠮᠦᠨ᠎ᠡ ᠠᠴᠠ ᠠᠳᠡᠭᠰᠡᠳ ᠢ ᠭᠦᠨ ᠡᠮᠭᠡᠨᠢᠨ ᠭᠠᠰᠢᠭᠤᠳᠠᠵᠤ᠂ ᠰᠢᠷᠬᠠᠲᠤᠭᠰᠠᠳ ᠪᠣᠯᠣᠨ ᠠᠳᠡᠭᠰᠡᠳ ᠤᠨ | ᠭᠡᠷ ᠪᠦᠯᠢ ᠶᠢᠨ ᠬᠢᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠨ᠎ᠠ ᠭᠡᠵᠦ ᠢᠯᠡᠳᠬᠡᠪᠡ᠃ | ᠰᠢ ᠶᠢᠨ ᠫᠢᠩ᠂ ᠳᠤᠮᠳᠠᠳᠤ ᠤᠯᠤᠰ ᠶᠠᠮᠠᠷᠪᠠ ᠭᠡᠯᠪᠡᠷᠢ ᠶᠢᠨ ᠰᠦᠷᠳᠡᠭᠦᠯᠭᠦ ᠦᠵᠡᠯ ᠢ ᠡᠰᠡᠷᠭᠦᠴᠡᠨ᠎ᠡ᠂ ᠡᠨᠡ ᠬᠦ | ᠬᠡᠷᠡᠭ ᠢ ᠴᠢᠩᠭ᠎ᠠ ᠪᠤᠷᠤᠭᠤᠰᠢᠶᠠᠨ ᠵᠢᠮᠡᠯᠡᠵᠦ ᠪᠠᠶᠢᠨ᠎ᠠ᠃ ᠳᠤᠮᠳᠠᠳᠤ ᠤᠯᠤᠰ ᠫᠠᠺᠢᠰᠲ᠋ᠠᠨ ᠤᠯᠤᠰ ᠤᠨ ᠰᠦᠷᠳᠡᠭᠦᠯᠦᠯ ᠢ | ᠡᠰᠡᠷᠭᠦᠴᠡᠬᠦ ᠠᠵᠢᠯᠯᠠᠭ᠎ᠠ ᠶᠢᠨ ᠲᠥᠯᠥᠪᠯᠡᠭᠡ ᠶᠢ ᠠᠬᠢᠭᠤᠯᠵᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠵᠤ᠂ ᠠᠷᠠᠳ | ᠤᠯᠠᠨ ᠤ ᠠᠮᠤᠷ ᠲᠦᠪᠰᠢᠨ ᠢ ᠬᠠᠮᠠᠭᠠᠯᠠᠬᠤ ᠶᠢ ᠦᠷᠭᠦᠯᠵᠢᠯᠡᠨ ᠡᠷᠡᠰ ᠳᠡᠮᠵᠢᠵᠦ᠂ ᠳᠤᠷᠠᠲᠠᠶ᠎ᠠ ᠫᠠᠺᠢᠰᠲ᠋ᠠᠨ ᠯᠤᠭ᠎ᠠ | ᠰᠦᠷᠳᠡᠭᠦᠯᠦᠯ ᠢ ᠡᠰᠡᠷᠭᠦᠴᠡᠬᠦ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠤᠰ ᠭᠠᠵᠠᠷ ᠣᠷᠣᠨ ᠴᠢᠨᠠᠭᠰᠢᠯᠠᠪᠠᠯ | ᠳᠡᠯᠡᠬᠡᠢ ᠶᠢᠨ ᠡᠩᠬᠡ ᠲᠠᠶᠢᠪᠤᠩ ᠪᠣᠯᠣᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠨ᠎ᠠ ᠭᠡᠵᠦ ᠴᠢᠬᠤᠯᠠᠴᠢᠯᠠᠪᠠ᠃ | ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠫᠠᠺᠢᠰᠲ᠋ᠠᠨ ᠤ | ᠶᠡᠷᠦᠩᠬᠡᠢ ᠰᠠᠶᠢᠳ ᠱᠠᠬᠪᠠᠽᠢ ᠳᠤ ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ᠃ | |