ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ | ︽ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠶ ᠳ᠋ᠠᠬᠢᠨ ᠳᠤ ᠲᠠᠰᠤᠷᠠᠯᠲᠠ ᠥᠬᠡᠶ ᠰᠢᠨ᠎ᠡ ᠠᠵᠠ | ᠲᠣᠬᠢᠶᠠᠯ ᠬᠠᠩᠭᠠᠨ᠎ᠠ︾᠂ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ | ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠳᠡᠭᠡᠷᠡᠬᠢ ᠴᠢᠬᠤᠯᠠ ᠪᠠᠶᠠᠷ ᠤᠨ | ᠦᠭᠡ ᠳᠡᠭᠡᠨ᠂ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠨᠢ ᠡᠯ᠎ᠡ ᠤᠯᠤᠰ ᠡᠯ᠎ᠡ ᠲᠠᠯ᠎ᠠ ᠶᠢᠨ ᠬᠢᠨ ᠤ | ᠳᠤᠮᠳᠠᠳᠤ ᠤᠯᠤᠰ ᠤᠨ ᠲᠣᠮᠣ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠬᠠᠮᠲᠤ ᠪᠠᠷ ᠡᠳ᠋ᠯᠡᠬᠦ᠂ ᠲᠦᠷᠢᠮ ᠤᠨ | ᠬᠡᠯᠪᠡᠷᠢ ᠶᠢᠨ ᠨᠡᠭᠡᠭᠡᠯᠲᠡ ᠶᠢᠨ ᠠᠵᠠ ᠲᠣᠬᠢᠶᠠᠯ ᠢ ᠬᠠᠮᠲᠤ ᠪᠠᠷ ᠡᠳ᠋ᠯᠡᠬᠦ᠂ ᠣᠯᠠᠨ ᠤᠯᠤᠰ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠠᠵᠠ ᠲᠣᠬᠢᠶᠠᠯ ᠢ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ ᠭᠡᠵᠦ ᠲᠦᠪ ᠴᠢᠩᠭ᠎ᠠ ᠲᠤᠩᠬᠠᠯᠠᠬᠰᠠᠨ | ᠪᠥᠭᠡᠳ ᠠᠯᠢ ᠣᠯᠠᠨ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠲᠣᠳᠣᠷᠬᠠᠶ ᠳᠤᠷᠠᠳᠤᠨ ᠭᠠᠷᠭᠠᠪᠠ᠃ ᠡᠨᠡ ᠨᠢ | ᠳᠤᠮᠳᠠᠳᠤ ᠤᠯᠤᠰ ᠤᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠠ ᠶᠢ ᠡᠷᠡᠰ ᠭᠤᠶᠢᠪᠢᠰᠢ ᠦᠭᠡᠢ | ᠠᠬᠢᠭᠤᠯᠬᠤ᠂ ᠳᠡᠯᠡᠬᠡᠢ ᠳ᠋ᠠᠬᠢᠨ ᠳᠤ ᠨᠡᠩ ᠤᠯᠠᠨ ᠰᠢᠨ᠎ᠡ ᠠᠵᠠ ᠲᠣᠬᠢᠶᠠᠯ ᠠᠪᠴᠢᠷᠠᠬᠤ ᠢᠲᠡᠭᠡᠯ ᠵᠣᠷᠢᠭ ᠢ ᠭᠦᠢᠴᠡᠳ | ᠢᠯᠡᠷᠡᠭᠦᠯᠵᠦ᠂ ᠳᠤᠮᠳᠠᠳᠤ ᠤᠯᠤᠰ ᠤᠨ ᠨᠡᠭᠡᠭᠡᠯᠲᠡᠲᠦ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ | ᠠᠬᠢᠭᠤᠯᠬᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ | ᠠᠬᠢᠭᠤᠯᠬᠤ ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠢᠯᠡᠷᠡᠭᠦᠯᠤᠭ᠍ᠰᠡᠨ ᠪᠠᠶᠢᠨ᠎ᠠ᠃ | ᠨᠡᠭᠡᠭᠡᠯᠳᠡ ᠬᠢᠬᠦ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠢᠯᠡ ᠲᠣᠳᠣ ᠪᠡᠯᠭᠡ ᠲᠡᠮᠳᠡᠭ ᠮᠥᠨ᠃ | ᠥᠭᠡᠷᠡᠴᠢᠯᠡᠯᠲᠡ ᠨᠡᠭᠡᠭᠡᠯᠲᠡ ᠬᠢᠭᠰᠡᠨ 40 ᠭᠠᠷᠤᠶ ᠵᠢᠯ ᠤᠨ ᠲᠤᠷᠰᠢ᠂ ᠳᠤᠮᠳᠠᠳᠤ ᠤᠯᠤᠰ ᠤᠯᠤᠰ ᠤᠨ ᠡᠭᠦᠳᠡ ᠪᠠᠨ | ᠨᠡᠭᠡᠭᠡᠵᠦ ᠪᠥᠲᠥᠭᠡᠨ ᠪᠠᠶᠢᠭᠤᠯᠤᠯᠲᠠ ᠬᠢᠬᠦ ᠶᠢ ᠪᠠᠷᠢᠮᠲᠠᠯᠠᠵᠤ᠂ ᠥᠪᠡᠷ ᠢ ᠪᠠᠨ ᠬᠥᠭᠵᠢᠭᠦᠯᠦᠭᠰᠡᠨ ᠢᠶᠠᠷ ᠪᠠᠷᠠᠬᠤ ᠥᠬᠡᠶ | ᠪᠠᠰᠠ ᠳᠡᠯᠡᠬᠡᠶ ᠳ᠋ᠠᠬᠢᠨ ᠳᠤ ᠪᠤᠶᠠᠨ ᠦᠢᠯᠡᠳᠴᠡᠢ᠃ ᠢᠯᠠᠩᠭᠤᠶ᠎ᠠ ᠥᠩᠭᠡᠷᠡᠭᠰᠡᠨ 10 ᠵᠢᠯ ᠤᠨ ᠲᠤᠷᠰᠢ᠂ ᠳᠤᠮᠳᠠᠳᠤ | ᠤᠯᠤᠰ ᠨᠠᠩ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ | ᠪᠥᠬᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ ᠤ ᠣᠷᠣᠨ ᠤ ᠲᠤᠤᠷ ᠢ | ᠪᠠᠶᠢᠭᠤᠯᠵᠤ᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ ᠬᠠᠶᠢᠨᠠᠨ ᠤ ᠴᠢᠯᠥᠭᠡᠲᠦ ᠠᠷᠠᠯᠵᠢᠶᠠᠨ ᠤ | ᠭᠠᠷᠠᠮ ᠤᠨ ᠪᠥᠲᠥᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠥᠲᠥᠭᠡᠨ ᠪᠠᠶᠢᠭᠤᠯᠬᠤ ᠶᠠᠪᠤᠳᠠᠯ ᠨᠢ ᠣᠯᠠᠨ ᠤ ᠬᠦᠷᠢᠶᠡᠯᠡᠯ ᠢ ᠶᠡᠬᠡᠳᠡ ᠣᠯᠤᠭᠰᠠᠨ ᠣᠯᠠᠨ ᠤᠯᠤᠰ ᠤᠨ ᠣᠯᠠᠨ | ᠨᠡᠶᠢᠲᠡ ᠶᠢᠨ ᠦᠢᠯᠡᠳᠬᠦᠨ ᠪᠠ ᠣᠯᠠᠨ ᠤᠯᠤᠰ ᠤᠨ ᠬᠠᠮᠲᠤᠷᠠᠯᠴᠠᠭᠠᠨ ᠤ ᠲᠠᠪᠴᠠᠩ ᠪᠣᠯᠵᠠᠶ᠃ ᠳᠤᠮᠳᠠᠳᠤ ᠤᠯᠤᠰ | 140 ᠭᠠᠷᠤᠢ ᠤᠯᠤᠰ ᠪᠠ ᠭᠠᠵᠠᠷ ᠣᠷᠣᠨ ᠤ ᠭᠤᠣᠯ ᠪᠣᠯᠬᠤ ᠠᠷᠠᠯᠵᠢᠶᠠᠨ ᠤ ᠬᠠᠨᠢᠲᠠᠨ ᠪᠤᠯᠵᠤ᠂ ᠪᠠᠷᠠᠭᠠᠨ ᠤ | ᠠᠷᠠᠯᠵᠢᠶᠠᠨ ᠤ ᠶᠡᠷᠦᠩᠬᠡᠢ ᠲᠤᠭ᠎ᠠ ᠪᠠᠷ ᠢᠶᠠᠨ ᠳᠡᠯᠡᠬᠡᠢ ᠶᠢᠨ ᠨᠢᠭᠡᠳᠦᠭᠡᠷ ᠲᠤ ᠣᠷᠣᠵᠤ᠂ ᠭᠠᠳᠠᠭᠠᠳᠤ ᠪᠡᠯᠡ ᠶᠢ | ᠲᠠᠲᠠᠬᠤ ᠪᠠ ᠭᠠᠳᠠᠭᠠᠳᠤ ᠳᠤ ᠪᠡᠯᠡ ᠣᠷᠣᠭᠤᠯᠬᠤ ᠲᠠᠯ᠎ᠠ ᠪᠠᠷ ᠳᠡᠯᠡᠬᠡᠢ ᠶᠢᠨ ᠡᠮᠦᠨ᠎ᠡ ᠡᠩᠨᠡᠭᠡᠨ ᠳᠤ ᠣᠷᠣᠵᠤ᠂ ᠨᠡᠩ | ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠶᠢᠨ ᠭᠠᠳᠠᠭᠠᠳᠤ ᠨᠡᠭᠡᠭᠡᠯᠳᠠ ᠶᠢᠨ | ᠪᠠᠶᠢᠷᠢᠰᠢᠯ ᠢ ᠪᠦᠷᠢᠯᠳᠦᠭᠦᠯᠪᠡ᠃ ᠳᠤᠮᠳᠠᠳᠤ ᠤᠯᠤᠰ ᠤᠨ ᠦᠢᠯᠡᠳᠬᠦ ᠦᠢᠯᠡᠰ ᠨᠢᠭᠡᠨᠲᠡ ᠪᠦᠬᠦ ᠪᠥᠮᠪᠥᠷᠴᠡᠭ ᠤᠨ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠴᠢᠬᠤᠯᠠ ᠪᠦᠷᠢᠯᠳᠦᠬᠦᠨ ᠬᠡᠰᠡᠭ ᠪᠤᠯᠵᠤ᠂ ᠳᠤᠮᠳᠠᠳᠤ | ᠤᠯᠤᠰ ᠤᠨ ᠠᠵᠤ ᠠᠬᠤᠢ ᠶᠢᠨ ᠤᠯᠠᠨ ᠵᠢᠯ ᠳᠠᠷᠠᠭᠠᠯᠠᠨ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ | ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ 30 % ᠢ ᠳᠠᠪᠠᠵᠤ᠂ ᠡᠯ᠎ᠡ ᠤᠯᠤᠰ ᠲᠤ ᠨᠡᠩ ᠤᠯᠠᠨ ᠵᠠᠬ᠎ᠠ | ᠳᠡᠯᠭᠡᠭᠦᠷ ᠤᠨ ᠠᠵᠠ ᠲᠣᠬᠢᠶᠠᠯ᠂ ᠪᠡᠯᠡ ᠣᠷᠣᠭᠤᠯᠤᠯᠲᠠ ᠶᠢᠨ ᠠᠵᠠ ᠲᠣᠬᠢᠶᠠᠯ᠂ ᠨᠡᠮᠡᠭᠳᠡᠯ ᠤᠨ ᠠᠵᠠ ᠲᠣᠬᠢᠶᠠᠯ | ᠬᠠᠩᠭᠠᠪᠠ᠃ ᠳᠤᠮᠳᠠᠳᠤ ᠤᠯᠤᠰ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ | ᠨᠥᠯᠥᠭᠡ ᠶᠢ ᠢᠯᠠᠨ ᠳᠠᠪᠠᠵᠤ᠂ ᠭᠠᠳᠠᠭᠠᠳᠤ ᠠᠷᠠᠯᠵᠢᠶᠠᠨ ᠤ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠪᠦᠬᠦ | ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠪᠠᠲᠤᠯᠠᠬᠤ᠂ | ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠳᠤᠮᠳᠠᠳᠤ ᠤᠯᠤᠰ ᠲᠠᠰᠤᠷᠠᠯᠲᠠ ᠥᠬᠡᠶ ᠨᠡᠭᠡᠭᠡᠯᠲᠡ ᠪᠠᠨ ᠥᠷᠭᠡᠳᠬᠡᠵᠦ᠂ ᠳᠤᠮᠳᠠᠳᠤ ᠤᠯᠤᠰ ᠤᠨ ᠬᠥᠭᠵᠢᠯᠲᠡ ᠶᠢᠨ | ᠰᠦᠷ ᠳᠠᠯᠠᠶᠢᠴᠠᠲᠠᠶ ᠦᠷᠨᠢᠯᠳᠡ ᠶᠢ ᠬᠥᠭᠵᠢᠭᠡᠭᠰᠡᠨ ᠪᠥᠭᠡᠳ ᠪᠠᠰᠠ ᠳᠡᠯᠡᠬᠡᠶ ᠶᠢᠨ ᠠᠵᠤ ᠠᠬᠤᠶ ᠶᠢᠨ ᠰᠢᠨ᠎ᠡ | ᠰᠤᠷᠭᠤᠭ ᠠᠭᠤᠷ ᠠᠮᠢᠰᠬᠤᠯ ᠢ ᠬᠥᠭᠵᠢᠭᠡᠭᠰᠡᠨ ᠢ ᠪᠣᠳᠠᠲᠤ ᠶᠠᠪᠤᠳᠠᠯ ᠬᠦᠢᠴᠡᠳ ᠭᠡᠷᠡᠴᠢᠯᠡᠵᠡᠶ᠃ | ᠳᠤᠮᠳᠠᠳᠤ ᠤᠯᠤᠰ ᠤᠨ ᠠᠵᠤ ᠠᠬᠤᠶ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠣᠯ ᠨᠡᠭᠡᠭᠡᠯᠲᠡ | ᠬᠢᠭᠰᠡᠨ ᠨᠥᠬᠦᠴᠡᠯ ᠳᠤᠤᠷ᠎ᠠ ᠣᠯᠤᠭᠰᠠᠨ ᠶᠤᠮ᠂ ᠢᠷᠡᠭᠡᠳᠦᠶ ᠶᠢᠨ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠴᠦ ᠡᠷᠬᠡᠪᠰᠢ ᠨᠠᠩ ᠢᠯᠡᠬᠦᠦ ᠨᠡᠭᠡᠭᠡᠯᠲᠡ ᠬᠢᠬᠦ ᠨᠥᠬᠦᠴᠡᠯ ᠳᠤᠤᠷ᠎ᠠ ᠶᠠᠪᠤᠭᠳᠠᠭᠤᠯᠬᠤ ᠬᠡᠷᠡᠭᠲᠡᠶ᠃ | ᠳᠤᠮᠳᠠᠳᠤ ᠤᠯᠤᠰ ᠤᠨ ᠥᠨᠳᠥᠷ ᠲᠦᠪᠰᠢᠨ ᠪᠦᠬᠦᠢ ᠨᠡᠭᠡᠭᠡᠯᠳᠠ ᠪᠠᠨ ᠥᠷᠭᠡᠳᠬᠡᠬᠦ ᠡᠷᠴᠢ ᠵᠣᠷᠢᠭ ᠬᠤᠪᠢᠷᠠᠬᠤ | ᠦᠭᠡᠢ᠂ ᠳᠡᠯᠡᠬᠡᠢ ᠳ᠋ᠠᠬᠢᠨ ᠯᠤᠭ᠎ᠠ ᠬᠥᠭᠵᠢᠯᠲᠡ ᠶᠢᠨ ᠠᠵᠠ ᠲᠣᠬᠢᠶᠠᠯ ᠢ ᠬᠤᠪᠢᠶᠠᠯᠴᠠᠬᠤ ᠡᠷᠴᠢ ᠵᠣᠷᠢᠭ ᠬᠤᠪᠢᠷᠠᠬᠤ | ᠦᠭᠡᠢ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠨᠡᠩ ᠨᠡᠭᠡᠭᠡᠯᠲᠡᠲᠡᠢ᠂ ᠪᠠᠭᠲᠠᠭᠠᠮᠵᠢᠲᠠᠢ᠂ ᠲᠦᠭᠡᠮᠡᠯ ᠠᠰᠢᠭ | ᠬᠦᠷᠲᠡᠭᠡᠬᠦ᠂ ᠲᠡᠩᠴᠡᠭᠦᠷᠢᠲᠡᠢ᠂ ᠬᠠᠮᠲᠤ ᠪᠠᠷ ᠠᠰᠢᠭ ᠬᠦᠷᠳᠡᠬᠦ ᠴᠢᠭᠯᠡᠯ ᠲᠡᠶᠢᠰᠢ ᠬᠥᠭᠵᠢᠬᠦ ᠶᠢ ᠠᠬᠢᠭᠤᠯᠬᠤ ᠡᠷᠴᠢ | ᠵᠣᠷᠢᠭ ᠬᠤᠪᠢᠷᠠᠬᠤ ᠦᠭᠡᠢ ᠶᠤᠮ᠃ ᠲᠡᠷᠢᠭᠦᠯᠡᠭᠴᠢ ᠰᠢ ᠶᠢᠨ ᠫᠢᠩ᠄ ︽ᠳᠤᠮᠳᠠᠳᠤ ᠤᠯᠤᠰ ᠭᠠᠳᠠᠭᠠᠳᠤ ᠨᠡᠭᠡᠭᠡᠯᠲᠡ | ᠬᠢᠬᠦ ᠦᠨᠳᠦᠰᠦᠨ ᠤᠯᠤᠰ ᠤᠨ ᠪᠣᠳᠣᠯᠭ᠎ᠠ ᠶᠢ ᠪᠠᠷᠢᠮᠲᠠᠯᠠᠵᠤ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ | ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠠᠵᠤ ᠠᠬᠤᠶ ᠶᠢᠨ ᠳᠡᠯᠡᠬᠡᠶᠢᠵᠢᠯᠲᠡ ᠶᠢᠨ ᠵᠥᠪ | ᠴᠢᠭᠯᠡᠯ ᠢ ᠪᠠᠷᠢᠮᠲᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ | ᠡᠬᠢ ᠪᠠᠶᠠᠯᠢᠭ ᠤᠨ ᠬᠤᠯᠪᠣᠭᠠᠯᠠᠨ ᠬᠥᠳᠡᠯᠦᠯᠴᠡᠬᠦ ᠦᠢᠯᠡᠳᠦᠯ ᠢ ᠴᠢᠩᠭᠠᠳᠬᠠᠨ᠎ᠠ︾ ᠭᠡᠵᠦ ᠵᠢᠭᠠᠵᠤ ᠭᠠᠷᠭᠠᠪᠠ᠂ | ᠡᠨᠡ ᠨᠢ ᠡᠯ᠎ᠡ ᠤᠯᠤᠰ ᠲᠤ ᠨᠠᠩ ᠣᠯᠠᠨ ᠰᠢᠨ᠎ᠡ ᠠᠵᠠ ᠲᠣᠬᠢᠶᠠᠯ ᠣᠯᠭᠤᠵᠤ᠂ ᠳᠡᠯᠡᠬᠡᠶ ᠶᠢᠨ ᠠᠵᠤ ᠠᠬᠤᠶ ᠳᠤ ᠨᠠᠩ | ᠣᠯᠠᠨ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠬᠦ ᠪᠣᠯᠤᠨ᠎ᠠ᠃ ᠳᠤᠮᠳᠠᠳᠤ ᠤᠯᠤᠰ ᠪᠦᠬᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠴᠤ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠬᠠᠨᠢᠲᠠᠨ ᠤ | ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠲᠦᠭᠡᠮᠡᠯ ᠠᠰᠢᠭ ᠬᠦᠷᠲᠡᠭᠡᠬᠦ ᠲᠡᠩᠴᠡᠭᠦᠷᠢᠲᠡᠢ᠂ ᠵᠣᠬᠢᠴᠠᠩᠭᠤᠢ | ᠪᠠᠭᠲᠠᠭᠠᠮᠵᠢᠲᠠᠢ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ᠂ ᠬᠠᠮᠲᠤ ᠪᠠᠷ ᠴᠡᠴᠡᠭᠯᠡᠨ ᠬᠥᠭᠵᠢᠬᠦ | ᠬᠥᠭᠵᠢᠯᠲᠡ ᠶᠢᠨ ᠪᠠᠶᠢᠷᠢᠰᠢᠯ ᠢ ᠬᠠᠮᠲᠤ ᠪᠠᠷ ᠡᠭᠦᠳᠴᠦ᠂ ᠨᠡᠩ ᠡᠷᠴᠢᠮᠲᠡᠢ᠂ ᠪᠣᠬᠢᠷᠲᠤᠯ ᠦᠭᠡᠢ᠂ ᠡᠷᠡᠭᠦᠯ ᠪᠦᠬᠦ | ᠪᠥᠮᠪᠥᠷᠴᠡᠭ ᠤᠨ ᠬᠥᠭᠵᠢᠯᠲᠡ ᠶᠢ ᠪᠡᠶᠡᠯᠡᠭᠦᠯᠦᠨ᠎ᠡ᠃ ᠨᠢᠭᠡᠨ ᠨᠡᠩ ᠨᠡᠭᠡᠭᠡᠯᠲᠡᠲᠡᠢ ᠳᠤᠮᠳᠠᠳᠤ ᠤᠯᠤᠰ ᠯᠠᠪᠲᠠᠢ ᠳᠡᠯᠡᠬᠡᠢ | ᠳ᠋ᠠᠬᠢᠨ ᠯᠤᠭ᠎ᠠ ᠨᠡᠩ ᠰᠠᠶᠢᠨ ᠬᠤᠷᠰᠢᠯ ᠢ ᠪᠦᠷᠢᠯᠳᠦᠭᠦᠯᠵᠦ᠂ ᠨᠡᠩ ᠳᠠᠪᠰᠢᠩᠭᠤᠢ ᠪᠠ ᠴᠡᠴᠡᠭᠯᠡᠨ ᠬᠥᠭᠵᠢᠭᠰᠡᠨ | ᠳᠤᠮᠳᠠᠳᠤ ᠤᠯᠤᠰ ᠪᠣᠯᠤᠨ ᠳᠡᠯᠡᠬᠡᠢ ᠳ᠋ᠠᠬᠢᠨ ᠢ ᠠᠪᠴᠢᠷᠠᠬᠤ ᠶᠢ ᠪᠢᠳᠡ ᠪᠠᠲᠤ ᠢᠲᠡᠭᠡᠵᠦ ᠪᠠᠶᠢᠨ᠎ᠠ᠃ | ᠶᠡᠭᠡ ᠶᠣᠰᠣ ᠶᠢ ᠲᠦᠬᠦᠮ ᠬᠢᠯᠪᠡᠷ ᠬᠡᠳᠦᠨ ᠦᠭᠡ ᠪᠠᠷ ᠲᠤᠳᠤᠷᠬᠠᠢ ᠬᠡᠯᠡᠵᠦ᠂ ᠪᠣᠳᠠᠲᠠᠢ ᠪᠠᠷ ᠠᠵᠢᠯᠯᠠᠬᠤ ᠨᠢ | ᠲᠦᠢᠯ ᠤᠨ ᠴᠢᠬᠤᠯᠠ ᠶᠤᠮ᠃ ᠰᠢᠨ᠎ᠡ ᠬᠥᠭᠵᠢᠯᠲᠡ ᠪᠠᠷ ᠳᠡᠯᠡᠬᠡᠢ ᠳ᠋ᠠᠬᠢᠨ ᠳᠤ ᠰᠢᠨ᠎ᠡ ᠠᠵᠠ ᠲᠣᠬᠢᠶᠠᠯ | ᠬᠠᠨᠭ᠍ᠭᠠᠬᠤ ᠳᠤ᠂ ᠳᠤᠮᠳᠠᠳᠤ ᠤᠯᠤᠰ ᠠᠯᠢ ᠤᠯᠠᠨ ᠪᠣᠳᠠᠲᠠᠢ ᠶᠢ ᠡᠷᠬᠢᠮᠯᠡᠭᠰᠡᠨ ᠠᠵᠢᠯᠯᠠᠭ᠎ᠠ ᠠᠪᠬᠤ ᠪᠣᠯᠤᠨ᠎ᠠ᠃ ᠡᠯ᠎ᠡ | ᠤᠯᠤᠰ ᠡᠯ᠎ᠡ ᠲᠠᠯ᠎ᠠ ᠶᠢᠨ ᠬᠢᠨ ᠤ ᠳᠤᠮᠳᠠᠳᠤ ᠤᠯᠤᠰ ᠤᠨ ᠲᠣᠮᠣ ᠵᠠᠬ᠎ᠠ ᠳᠡᠯᠭᠡᠭᠦᠷ ᠤᠨ ᠠᠵᠠ ᠲᠣᠬᠢᠶᠠᠯ ᠢ | ᠬᠠᠮᠲᠤ ᠪᠠᠷ ᠡᠳ᠋ᠯᠡᠬᠦ ᠶᠢ ᠠᠬᠢᠭᠤᠯᠬᠤ ᠲᠠᠯ᠎ᠠ ᠪᠠᠷ᠂ ᠳᠤᠮᠳᠠᠳᠤ ᠤᠯᠤᠰ ᠨᠢ ᠬᠦᠴᠦᠷᠬᠡᠭ ᠶᠡᠭᠡ ᠤᠯᠤᠰ ᠤᠨ | ᠳᠣᠲᠣᠭᠠᠳᠤ ᠶᠢᠨ ᠵᠠᠬ᠎ᠠ ᠳᠡᠯᠭᠡᠭᠦᠷ ᠢ ᠲᠦᠷᠭᠡᠨ ᠪᠠᠶᠢᠭᠤᠯᠵᠤ᠂ ᠪᠠᠷᠠᠭᠠᠨ ᠤ ᠠᠷᠠᠯᠵᠢᠶ᠎ᠠ ᠶᠢ ᠰᠢᠯᠢᠳᠡᠭᠵᠢᠭᠦᠯᠦᠨ ᠲᠠᠰ | ᠳᠡᠪᠰᠢᠭᠦᠯᠬᠦ ᠶᠢ ᠠᠬᠢᠭᠤᠯᠵᠤ᠂ ᠦᠢᠯᠡᠴᠢᠯᠡᠭᠡᠨ ᠤ ᠠᠷᠠᠯᠵᠢᠶᠠᠨ ᠤ ᠬᠥᠭᠵᠢᠯᠲᠡ ᠶᠢᠨ ᠲᠣᠭᠲᠠᠴᠠ ᠶᠢᠨ ᠰᠢᠨ᠎ᠡ ᠶᠢ | ᠡᠭᠦᠳᠴᠦ᠂ ᠴᠢᠨᠠᠷ ᠰᠠᠶᠢᠲᠠᠶ ᠦᠢᠯᠡᠳᠬᠦᠨ ᠢ ᠭᠠᠳᠠᠭᠠᠳᠤ ᠠᠴᠠ ᠣᠷᠣᠭᠤᠯᠬᠤ ᠶᠢ ᠥᠷᠭᠡᠳᠬᠡᠵᠦ᠂ ︽ᠲᠣᠷᠭᠠᠨ | ᠵᠠᠮ ᠤᠨ ᠡᠯᠧᠺᠳ᠋ᠷᠣᠨ ᠬᠤᠳᠠᠯᠳᠤᠭ᠎ᠠ︾ ᠶᠢᠨ ᠬᠠᠮᠲᠤᠷᠠᠯᠴᠠᠭᠠᠨ ᠤ ᠬᠤᠰᠢᠭᠤᠴᠢ ᠣᠷᠣᠨ ᠢ ᠡᠭᠦᠳᠦᠨ ᠪᠠᠶᠢᠭᠤᠯᠵᠤ᠂ | ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ | ᠪᠠᠶᠢᠭᠤᠯᠵᠤ᠂ ᠠᠷᠠᠯᠵᠢᠶᠠᠨ ᠤ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢ | ᠴᠢᠨᠠᠷ ᠰᠠᠶᠢᠲᠠᠶ ᠬᠠᠮᠲᠤ ᠪᠠᠷ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ ᠡᠨᠡ ᠨᠢ ᠭᠡᠳᠤ ᠶᠡᠭᠡ ᠬᠡᠪᠴᠢᠶ᠎ᠡ ᠪᠦᠬᠦᠢ | ᠵᠠᠬ᠎ᠠ ᠳᠡᠯᠭᠡᠭᠦᠷ ᠤᠨ ᠳᠠᠪᠠᠭᠤᠯᠢᠭ ᠪᠠ ᠳᠣᠲᠣᠭᠠᠳᠤ ᠬᠡᠷᠡᠭᠴᠡᠭᠡ ᠶᠢᠨ ᠲᠠᠯᠳᠠ ᠬᠦᠴᠦᠨ ᠢ ᠪᠠᠳᠠᠷᠠᠭᠤᠯᠵᠤ᠂ | ᠳᠤᠮᠳᠠᠳᠤ ᠤᠯᠤᠰ ᠤᠨ ᠵᠠᠬ᠎ᠠ ᠳᠡᠯᠭᠡᠭᠦᠷ ᠢ ᠳᠡᠯᠡᠬᠡᠢ ᠶᠢᠨ ᠵᠠᠬ᠎ᠠ ᠳᠡᠯᠭᠡᠭᠦᠷ᠂ ᠬᠠᠮᠲᠤ ᠪᠠᠷ ᠡᠳ᠋ᠯᠡᠬᠦ ᠵᠠᠬ᠎ᠠ ᠳᠡᠯᠭᠡᠭᠦᠷ᠂ | ᠤᠯᠠᠨ ᠤ ᠵᠠᠬ᠎ᠠ ᠳᠡᠯᠭᠡᠭᠦᠷ ᠪᠣᠯᠭᠠᠬᠤ ᠶᠢᠨ ᠲᠥᠯᠥᠭᠡ ᠶᠤᠮ᠃ ᠡᠯ᠎ᠡ ᠤᠯᠤᠰ ᠡᠯ᠎ᠡ ᠲᠠᠯ᠎ᠠ ᠶᠢᠨ ᠬᠢᠨ ᠤ ᠳᠦᠷᠢᠮ ᠤᠨ | ᠬᠡᠯᠪᠡᠷᠢ ᠶᠢᠨ ᠨᠡᠭᠡᠭᠡᠯᠲᠡ ᠶᠢᠨ ᠠᠵᠠ ᠲᠣᠬᠢᠶᠠᠯ ᠢ ᠬᠠᠮᠲᠤ ᠪᠠᠷ ᠡᠳ᠋ᠯᠡᠬᠦ ᠶᠢ ᠠᠬᠢᠭᠤᠯᠬᠤ ᠲᠠᠯ᠎ᠠ ᠪᠠᠷ᠂ ᠳᠤᠮᠳᠠᠳᠤ | ᠤᠯᠤᠰ ᠨᠢ ᠳᠦᠷᠢᠮ ᠭᠤᠷᠢᠮ᠂ ᠳᠦᠷᠢᠮ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ | ᠬᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠰᠢᠨ᠎ᠡ ᠬᠡᠪᠯᠡᠯ ᠤᠨ ︽ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠬᠤ ᠶᠢ ᠵᠣᠷᠢᠭᠵᠢᠭᠤᠯᠬᠤ ᠠᠵᠤ ᠦᠢᠯᠡᠰ ᠤᠨ ᠭᠠᠷᠴᠠᠭ︾ ᠢ ᠰᠠᠶᠢᠲᠤᠷ | ᠬᠡᠷᠡᠭᠵᠢᠭᠦᠯᠵᠦ᠂ ᠤᠯᠤᠰ ᠤᠨ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠥᠷᠭᠡᠳᠬᠡᠬᠦ ᠶᠡᠷᠦᠩᠬᠡᠶᠢᠯᠡᠭᠰᠡᠨ | ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ︔ ᠴᠢᠯᠥᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠢ ᠳᠡᠭᠡᠭᠰᠢᠯᠡᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠬᠠᠶᠢᠨᠠᠨ ᠤ ᠴᠢᠯᠥᠭᠡᠲᠦ | ᠠᠷᠠᠯᠵᠢᠶᠠᠨ ᠤ ᠭᠠᠷᠠᠮ ᠢ ᠲᠦᠷᠭᠡᠪᠴᠢᠯᠡᠨ ᠪᠠᠶᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢᠨ ᠶᠡᠷᠦᠩᠬᠡᠶᠢᠯᠡᠭᠰᠡᠨ | ᠲᠤᠷᠰᠢᠯᠲᠠ ᠶᠢᠨ ᠲᠠᠪᠴᠠᠩ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠡᠨᠡ ᠨᠢ ᠶᠠᠭ ᠬᠠᠷᠢᠯᠴᠠᠨ ᠠᠰᠢᠬᠳᠠᠢ | ᠬᠠᠮᠲᠤ ᠪᠠᠷ ᠠᠰᠢᠭ ᠬᠦᠷᠳᠡᠬᠦ᠂ ᠤᠯᠠᠨ ᠡᠰᠢ ᠲᠠᠢ ᠪᠥᠭᠡᠳ ᠲᠡᠩᠴᠡᠭᠦᠷᠢᠲᠡᠢ᠂ ᠠᠮᠤᠷ ᠲᠦᠪᠰᠢᠨ ᠪᠥᠭᠡᠳ ᠥᠨᠳᠥᠷ | ᠪᠦᠲᠦᠮᠵᠢᠲᠡᠢ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠵᠤ᠂ ᠬᠠᠮᠲᠤ ᠶᠢᠨ | ᠬᠥᠭᠵᠢᠯᠲᠡ ᠶᠢ ᠠᠬᠢᠭᠤᠯᠤᠨ᠂ ᠬᠠᠷᠢᠯᠴᠠᠨ ᠠᠰᠢᠬᠳᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠠᠪᠤᠳᠠᠯ | ᠪᠣᠯᠤᠨ᠎ᠠ᠃ ᠡᠯ᠎ᠡ ᠤᠯᠤᠰ ᠡᠯ᠎ᠡ ᠲᠠᠯ᠎ᠠ ᠶᠢᠨ ᠬᠢᠨ ᠤ ᠣᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ | ᠠᠵᠠ ᠲᠣᠬᠢᠶᠠᠯ ᠢ ᠬᠠᠮᠲᠤ ᠪᠠᠷ ᠡᠳ᠋ᠯᠡᠬᠦ ᠶᠢ ᠠᠬᠢᠭᠤᠯᠬᠤ ᠲᠠᠯ᠎ᠠ ᠪᠠᠷ᠂ ᠳᠤᠮᠳᠠᠳᠤ ᠤᠯᠤᠰ ᠨᠢ ᠳᠡᠯᠡᠬᠡᠶ ᠶᠢᠨ | ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠬᠡᠯᠡᠯᠴᠡᠭᠡ ᠳᠤ ᠪᠥᠬᠦ ᠲᠠᠯ᠎ᠠ ᠪᠠᠷ ᠭᠦᠨᠵᠡᠭᠡᠶ | ᠣᠷᠣᠯᠴᠠᠵᠤ᠂ ᠠᠷᠠᠯᠵᠢᠶ᠎ᠠ ᠪᠠ ᠪᠠᠯᠠ ᠣᠷᠣᠭᠤᠯᠤᠯᠲᠠ ᠶᠢᠨ ᠴᠢᠯᠥᠭᠡᠵᠢᠯᠲᠡ ᠳᠥᠭᠦᠮᠴᠢᠯᠡᠯᠲᠡ ᠶᠢ ᠠᠬᠢᠭᠤᠯᠵᠤ᠂ | ᠣᠯᠠᠨ ᠤᠯᠤᠰ ᠤᠨ ᠬᠤᠷᠸ᠎ᠠ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠶᠢ ᠠᠬᠢᠭᠤᠯᠵᠤ᠂ | ᠪᠥᠬᠦ ᠪᠥᠮᠪᠥᠷᠴᠡᠭ ᠤᠨ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠬᠠᠮᠲᠤ ᠪᠠᠷ ᠪᠤᠶᠢᠵᠢᠭᠤᠯᠵᠤ᠂ ︽ᠪᠥᠬᠦ | ᠲᠠᠯ᠎ᠠ ᠶᠢᠨ ᠪᠠ ᠲᠠᠪᠰᠢᠩᠭᠤᠢ ᠨᠣᠮᠣᠬᠠᠨ ᠲᠡᠯᠡᠶ ᠶᠢ ᠠᠯᠤᠰᠯᠠᠭᠰᠠᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾ ᠪᠠ | ︽ᠲᠣᠭᠠᠴᠢᠯᠠᠭᠰᠠᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾ ᠲᠤ ᠣᠷᠣᠯᠴᠠᠬᠤ ᠶᠢ ᠢᠳᠡᠪᠬᠢᠲᠡᠶ | ᠠᠬᠢᠭᠤᠯᠵᠤ᠂ ᠪᠥᠬᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ ᠤ | ᠣᠷᠣᠨ ᠤ ᠲᠤᠤᠷ ᠢ ᠥᠷᠭᠡᠳᠬᠡᠵᠦ᠂ ᠥᠷᠭᠡᠨ ᠣᠯᠠᠨ ᠬᠥᠭᠵᠢᠵᠦ ᠪᠠᠶᠢᠭ᠎ᠠ ᠤᠯᠤᠰ ᠤᠳ ᠤᠨ ᠬᠥᠭᠵᠢᠯᠲᠡ ᠪᠠᠨ | ᠲᠦᠷᠭᠡᠳᠬᠡᠬᠦ ᠶᠢ ᠡᠷᠡᠰ ᠳᠡᠮᠵᠢᠨ ᠬᠠᠪᠰᠤᠷᠤᠨ᠎ᠠ᠃ ᠡᠨᠡ ᠨᠢ ᠶᠠᠭ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠶᠢ | ᠠᠬᠢᠭᠤᠯᠵᠤ᠂ ᠨᠡᠭᠡᠭᠡᠯᠲᠡᠲᠦ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠠᠬᠢᠭᠤᠯᠵᠤ᠂ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠠᠪᠤᠳᠠᠯ ᠪᠣᠯᠤᠨ᠎ᠠ᠃ | | ᠨᠡᠭᠡᠭᠡᠯᠲᠡ ᠬᠢᠬᠦ ᠪᠣᠯ ᠬᠥᠭᠵᠢᠨ ᠳᠠᠪᠰᠢᠬᠤ ᠶᠢᠨ ᠵᠠᠶᠢᠯᠠᠰᠢ ᠦᠭᠡᠢ ᠶᠠᠪᠤᠬᠤ ᠵᠠᠮ ᠮᠥᠨ᠃ | ᠢᠷᠡᠭᠡᠳᠦᠢ ᠳᠡᠭᠡᠨ ᠬᠠᠨᠳᠤᠬᠤᠶ᠎ᠠ᠂ ᠳᠤᠮᠳᠠᠳᠤ ᠤᠯᠤᠰ ᠤᠨ ᠥᠨᠳᠥᠷ ᠲᠦᠪᠰᠢᠨ ᠪᠦᠬᠦᠢ ᠨᠡᠭᠡᠭᠡᠯᠳᠠ ᠪᠠᠨ | ᠥᠷᠭᠡᠳᠬᠡᠬᠦ ᠵᠣᠷᠢᠭ ᠬᠤᠪᠢᠷᠠᠬᠤ ᠦᠭᠡᠢ᠂ ᠳᠤᠮᠳᠠᠳᠤ ᠤᠯᠤᠰ ᠤᠨ ᠨᠡᠭᠡᠭᠡᠯᠳᠠ ᠬᠢᠬᠦ ᠡᠭᠦᠳᠡ ᠪᠠᠨ ᠤᠯᠠᠮ ᠢᠶᠠᠷ ᠶᠡᠭᠡ | ᠨᠡᠭᠡᠭᠡᠬᠦ ᠪᠣᠯᠤᠨ᠎ᠠ᠃ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠪᠠᠯ᠂ ᠳᠤᠮᠳᠠᠳᠤ ᠤᠯᠤᠰ ᠡᠯ᠎ᠡ ᠤᠯᠤᠰ ᠤᠨ ᠬᠠᠮᠲᠤᠷᠠᠯᠴᠠᠭ᠎ᠠ ᠳᠤ ᠨᠡᠩ ᠤᠯᠠᠨ ᠠᠵᠠ | ᠲᠣᠬᠢᠶᠠᠯ ᠬᠠᠩᠭᠠᠵᠤ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠪᠣᠯᠤᠨ ᠨᠡᠮᠡᠭᠳᠡᠯ ᠳᠤ ᠨᠡᠩ ᠤᠯᠠᠨ ᠬᠥᠳᠡᠯᠭᠡᠬᠦ | ᠬᠦᠴᠦᠨ ᠨᠡᠮᠡᠷᠢᠯᠡᠵᠦ᠂ ᠪᠦᠬᠦ ᠪᠥᠮᠪᠥᠷᠴᠡᠭ ᠤᠨ ᠬᠥᠭᠵᠢᠯᠲᠡ ᠶᠢ ᠠᠬᠢᠭᠤᠯᠬᠤ ᠳᠤ ᠨᠡᠩ ᠤᠯᠠᠨ ᠳᠤᠮᠳᠠᠳᠤ | ᠤᠯᠤᠰ ᠤᠨ ᠤᠶᠤᠨ ᠤᠬᠠᠭᠠᠨ᠂ ᠳᠤᠮᠳᠠᠳᠤ ᠤᠯᠤᠰ ᠤᠨ ᠲᠥᠰᠦᠯ᠂ ᠳᠤᠮᠳᠠᠳᠤ ᠤᠯᠤᠰ ᠤᠨ ᠬᠦᠴᠦᠨ ᠢ | ᠨᠡᠮᠡᠷᠢᠯᠡᠵᠦ᠂ ᠬᠠᠮᠲᠤ ᠪᠠᠷ ᠬᠥᠮᠦᠨ ᠲᠥᠷᠥᠯᠬᠢᠲᠡᠨ ᠤ ᠨᠡᠩ ᠰᠠᠶᠢᠨ ᠰᠠᠶᠢᠬᠠᠨ ᠢᠷᠡᠭᠡᠳᠦᠢ ᠲᠡᠶᠢᠰᠢ ᠲᠠᠰᠤᠷᠠᠯᠲᠠ | ᠦᠭᠡᠢ ᠤᠷᠤᠭᠰᠢᠯᠠᠬᠤ ᠨᠢ ᠯᠠᠪᠳᠠᠢ ᠶᠤᠮ᠃ | |