1 ᠳ᠋ᠣᠭᠡᠷ ᠰᠠᠷ᠎ᠠ ᠶᠢᠨ 29 ᠤ ᠡᠳᠦᠷ᠂ ᠰᠤᠷᠭᠠᠨ ᠬᠥᠮᠦᠵᠢᠯ ᠤᠨ ᠶᠠᠮᠤᠨ ᠠᠴᠠ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠳᠦᠷᠢᠮ ᠤᠨ ᠭᠠᠳᠠᠭᠤᠷ ᠤᠷᠤᠯᠳᠤᠭᠠᠨ ᠡᠷᠬᠢᠯᠡᠬᠦ | ᠠᠵᠢᠯᠯᠠᠭ᠎ᠠ ᠶᠢ ᠬᠠᠮᠲᠤ ᠪᠠᠷ ᠬᠢᠵᠠᠭᠠᠷᠯᠠᠬᠤ ᠳᠣᠬᠠᠢ ᠰᠠᠨᠠᠭᠤᠯᠤᠮᠵᠢ ᠶᠢ ᠨᠡᠶᠢᠳᠡᠯᠡᠯ᠎ᠡ᠃ | ᠰᠠᠨᠠᠭᠤᠯᠤᠮᠵᠢ ᠳᠤ ᠵᠢᠭᠠᠬᠤ ᠳᠠᠭᠠᠨ᠂ ᠰᠤᠷᠭᠠᠨ ᠬᠥᠮᠦᠵᠢᠯ ᠤᠨ ᠶᠠᠮᠤᠨ ᠤ ᠨᠡᠶᠢᠲᠡᠯᠡᠭᠰᠡᠨ ︽2022 — | 2025 ᠤᠨ ᠤ ᠰᠤᠷᠤᠯᠭ᠎ᠠ ᠶᠢᠨ ᠵᠢᠯ ᠳᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ | ᠬᠠᠨᠳᠤᠭᠤᠯᠤᠭᠰᠠᠨ ᠪᠥᠬᠦ ᠤᠯᠤᠰ ᠤᠨ ᠴᠢᠨᠠᠷᠲᠠᠢ ᠤᠷᠤᠯᠳᠤᠭᠠᠨ ᠤ ᠨᠡᠷᠡᠰ ᠤᠨ ᠵᠢᠭᠰᠠᠭᠠᠯᠲᠠ︾ ᠳᠤ ᠪᠠᠶᠢᠬᠤ ᠦᠭᠡᠢ | ᠤᠷᠤᠯᠳᠤᠭᠠᠨ ᠨᠢ ᠪᠦᠷ ᠲᠣᠭᠲᠠᠭᠠᠯ ᠠᠴᠠ ᠵᠥᠷᠢᠴᠡᠨ ᠡᠷᠭᠢᠯᠡᠭᠰᠡᠨ ︽ᠬᠠᠷ᠎ᠠ ᠤᠷᠤᠯᠳᠤᠭᠠᠨ︾ ᠳᠤ ᠲᠣᠭᠠᠴᠠᠭᠳᠠᠨ᠎ᠠ︔ | ᠪᠣᠶ ᠪᠦᠬᠦᠢ ᠤᠷᠤᠯᠳᠤᠭᠠᠨ ︵ᠰᠤᠷᠭᠠᠨ ᠬᠥᠮᠦᠵᠢᠯ ᠤᠨ ᠶᠠᠮᠤᠨ ᠤ ᠨᠡᠶᠢᠲᠡᠯᠡᠭᠰᠡᠨ ᠨᠡᠷᠡᠰ ᠲᠤ ᠵᠢᠭᠰᠠᠭᠠᠭᠳᠠᠭᠰᠠᠨ | ᠤᠷᠤᠯᠳᠤᠭᠠᠨ ᠪᠠᠭᠲᠠᠨ᠎ᠠ︶ ᠤ ᠦᠷ᠎ᠡ ᠳ᠋ᠦᠩ ᠢᠶᠠᠷ ᠳᠤᠮᠳᠠᠳᠤ ᠪᠠᠭ᠎ᠠ ᠰᠤᠷᠭᠠᠭᠤᠯᠢ ᠳᠤ ᠰᠣᠷᠣᠭᠴᠢ ᠡᠯᠰᠡᠬᠦ | ᠦᠨᠳᠦᠰᠦᠯᠡᠯ ᠪᠣᠯᠭᠠᠵᠤ ᠪᠣᠯᠬᠤ ᠦᠭᠡᠢ᠂ ᠪᠠᠰᠠ ᠳᠤᠮᠳᠠᠳᠤ ᠰᠤᠷᠭᠠᠭᠤᠯᠢ᠂ ᠶᠡᠭᠡ ᠳᠡᠭᠡᠳᠦ ᠰᠣᠷᠭᠠᠭᠤᠯᠢ ᠳᠤ | ᠰᠣᠷᠣᠭᠴᠢ ᠡᠯᠰᠡᠬᠦ ᠰᠢᠯᠭᠠᠯᠲᠠ ᠶᠢᠨ ᠬᠤᠪᠢ ᠨᠡᠮᠡᠬᠦ ᠲᠥᠷᠥᠯ ᠵᠦᠢᠯ ᠪᠣᠯᠭᠠᠵᠤ ᠪᠣᠯᠬᠤ ᠦᠭᠡᠢ ᠬᠡᠵᠠᠢ᠃ | ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠯ ᠠᠴᠠ ᠵᠦᠷᠢᠴᠡᠨ ᠤᠷᠤᠯᠳᠤᠭᠠᠨ ᠡᠷᠬᠢᠯᠡᠬᠦ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠰᠤᠷᠤᠭᠴᠢᠳ ᠤᠨ ᠠᠮᠠᠷᠠᠯᠲᠠ ᠶᠢᠨ ᠬᠤᠭᠤᠴᠠᠭᠠᠨ ᠤ ᠳᠠᠷᠤᠭᠠᠰᠤ ᠶᠢ ᠦᠨᠡᠨ ᠬᠦ | ᠬᠥᠩᠭᠡᠷᠡᠭᠦᠯᠵᠦ᠂ ᠣᠯᠠᠨ ᠳᠦᠮᠡᠨ ᠤ ᠬᠠᠤᠯᠢ ᠶᠤᠰᠤᠨᠤ ᠡᠷᠬᠡ ᠠᠰᠢᠭ ᠢ ᠬᠠᠮᠠᠭᠠᠯᠠᠬᠤ ᠬᠡᠷᠡᠭᠳᠡᠢ ᠬᠡᠵᠦ | ᠰᠠᠨᠠᠭᠤᠯᠤᠮᠵᠢ ᠳᠤ ᠪᠠᠰᠠ ᠱᠠᠭᠠᠷᠳᠠᠬᠰᠠᠨ ᠪᠠᠶᠢᠨ᠎ᠠ᠃ | | | | | |