ᠰᠤᠷᠪᠤᠯᠵᠢᠯᠠᠭᠴᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠴᠠ | ᠣᠶᠢᠯᠠᠭᠠᠭᠰᠠᠨ ᠢᠶᠠᠷ᠂ ᠣᠳᠣᠬᠠᠨ ᠳᠤ᠂ ᠡᠯ᠎ᠡ ᠭᠠᠵᠠᠷ ᠤᠨ ᠬᠢᠨ ᠶᠠᠭ 2023 ᠣᠨ ᠤ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠭᠥᠷᠳᠡᠬᠦ ᠬᠢᠷᠢ ᠬᠡᠮ ᠢ ᠭᠡᠷᠡᠴᠢᠯᠡᠭᠡ ᠶᠢᠨ ᠠᠵᠢᠯ ᠢ ᠡᠮᠬᠢ ᠵᠢᠷᠤᠮ ᠲᠠᠢ | ᠥᠷᠨᠢᠭᠦᠯᠵᠦ ᠪᠠᠶᠢᠨ᠎ᠠ᠃ ᠥᠩᠭᠡᠷᠡᠭᠰᠡᠨ ᠵᠢᠯ ᠤᠳ ᠲᠠᠢ ᠠᠳᠠᠯᠢ ᠪᠠᠷ᠂ ᠳᠠᠭᠠᠳᠬᠠᠯ ᠳᠤ ᠣᠷᠣᠯᠴᠠᠭᠰᠠᠳ ᠳᠡᠭᠡᠷ᠎ᠡ | ᠤᠳᠠᠭ᠎ᠠ ᠭᠡᠷᠡᠴᠢᠯᠡᠭᠡ ᠬᠢᠯᠭᠡᠭᠰᠡᠨ ᠠᠴᠠ ᠬᠤᠶᠢᠰᠢᠬᠢ 12 ᠰᠠᠷ᠎ᠠ ᠶᠢᠨ ᠲᠤᠳᠤᠷ᠎ᠠ ᠠᠯᠢ ᠨᠢᠭᠡ ᠴᠠᠭ ᠬᠤᠭᠤᠴᠠᠭ᠎ᠠ ᠶᠢ | ᠰᠣᠩᠭᠤᠨ ᠭᠡᠷᠡᠴᠢᠯᠡᠭᠡ ᠬᠢᠯᠭᠡᠵᠦ ᠪᠣᠯᠤᠨ᠎ᠠ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠵᠤᠷᠭᠠᠨ ᠤ ᠳᠡᠳ᠋ ᠳᠠᠷᠤᠭ᠎ᠠ ᠴᠢ ᠲᠤᠤ ᠲᠠᠨᠢᠯᠴᠠᠭᠤᠯᠤᠨ ᠬᠡᠯᠡᠬᠦ ᠳᠡᠭᠡᠨ᠂ | ᠨᠠᠰᠤᠲᠠᠶᠢᠴᠤᠳ ᠤᠯᠤᠰ ᠤᠨ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ | ᠰᠦᠯᠵᠢᠶ᠎ᠡ ᠪᠤᠶᠤ ︽ᠭᠠᠷ ᠤᠳᠠᠰᠤᠨ ᠤ 12333︾ ᠵᠡᠷᠭᠡ ᠠᠯᠪᠠᠨ ᠲᠠᠯ᠎ᠠ ᠶᠢᠨ ᠭᠠᠷ ᠤᠲᠠᠰᠤᠨ ᠤ | ᠬᠡᠷᠡᠭᠯᠡᠯᠲᠡ ᠪᠠᠷ ᠳᠠᠮᠵᠢᠨ ᠬᠥᠮᠦᠨ ᠤ ᠵᠢᠰᠦ ᠶᠢ ᠢᠯᠭᠠᠨ ᠲᠠᠨᠢᠬᠤ ᠭᠡᠷᠡᠴᠢᠯᠡᠭᠡ ᠬᠢᠯᠭᠡᠵᠦ ᠪᠣᠯᠤᠨ᠎ᠠ︔ ᠬᠢᠯᠢ ᠶᠢᠨ | ᠭᠠᠳᠠᠨ᠎ᠠ ᠣᠷᠣᠰᠢᠨ ᠰᠠᠭᠤᠵᠤ ᠪᠠᠶᠢᠪᠠᠯ᠂ ᠪᠠᠰᠠ ᠭᠠᠳᠠᠭᠠᠳᠤ ᠶᠠᠪᠤᠳᠠᠯ ᠤᠨ ᠶᠠᠮᠤᠨ ᠤ ︽ᠳᠤᠮᠳᠠᠳᠤ ᠤᠯᠤᠰ ᠤᠨ | ᠺᠤᠨᠰᠦ᠋ᠯ︾ ᠭᠠᠷ ᠤᠲᠠᠰᠤᠨ ᠤ ᠬᠡᠷᠡᠭᠯᠡᠯᠲᠡ ᠪᠠᠷ ᠳᠠᠮᠵᠢᠨ ᠭᠡᠷᠡᠴᠢᠯᠡᠭᠡ ᠬᠢᠯᠭᠡᠵᠦ ᠪᠣᠯᠤᠨ᠎ᠠ︔ ᠥᠨᠳᠥᠷ ᠨᠠᠰᠤᠲᠠᠶ | ᠨᠠᠰᠤᠲᠠᠨ ᠪᠠ ᠬᠥᠳᠡᠯᠵᠦ ᠪᠠᠷᠢᠬᠤ ᠳᠤ ᠳᠥᠭᠦᠮ ᠦᠭᠡᠢ ᠣᠨᠴᠠᠭᠠᠶ ᠬᠥᠮᠦᠰ ᠬᠡᠷ ᠲᠤᠨᠢ ᠬᠦᠷᠴᠦ ᠭᠡᠷᠡᠴᠢᠯᠡᠭᠡ | ᠬᠢᠯᠭᠡᠬᠦ ᠭᠤᠶᠤᠴᠢᠯᠠᠯ ᠭᠠᠷᠭᠠᠵᠤ ᠪᠣᠯᠤᠨ᠎ᠠ᠂ ᠨᠡᠶᠢᠭᠡᠮ ᠤᠨ ᠳᠠᠭᠠᠳᠬᠠᠯ ᠤᠨ ᠭᠠᠷᠲᠠᠨ ᠬᠦᠢᠴᠡᠳᠭᠡᠬᠦ ᠪᠠᠶᠢᠭᠤᠯᠤᠮᠵᠢ | ᠬᠡᠷ ᠲᠤᠨᠢ ᠬᠦᠷᠴᠦ ᠦᠢᠯᠡᠴᠢᠯᠡᠭᠡ ᠬᠠᠩᠭᠠᠨ᠎ᠠ ᠭᠡᠪᠡ᠃ |