1 ᠳ᠋ᠣᠭᠡᠷ ᠰᠠᠷ᠎ᠠ ᠶᠢᠨ 13 ᠤ ᠣᠷᠣᠢ ᠸᠢᠴᠠᠲ ᠤᠨ ᠣᠯᠠᠨ ᠨᠠᠶᠢᠲᠠ ᠶᠢᠨ ᠲᠠᠪᠴᠠᠩ ᠤᠨ ᠠᠵᠢᠯᠯᠠᠭᠠᠨ ᠤ | ᠳᠦᠪ ᠠᠯᠪᠠᠨ ᠤ ᠮᠡᠳᠡᠭᠡ ᠵᠠᠩᠬᠢ ᠪᠠᠷ ᠬᠠᠭᠤᠷᠮᠠᠬᠯᠠᠬᠰᠠᠨ ᠭᠡᠷᠡᠭ ᠲᠤ ᠴᠤᠬᠢᠯᠳᠠ ᠦᠭᠬᠦ ᠳᠣᠬᠠᠢ ᠮᠡᠳᠡᠭᠳᠡᠯ | ᠨᠡᠶᠢᠳᠡᠯᠡᠯ᠎ᠡ᠃ | ᠮᠡᠳᠡᠭᠳᠡᠯ ᠳᠤ ᠳᠡᠮᠳᠡᠭᠯᠡᠬᠦ ᠳᠡᠭᠡᠨ᠂ ᠮᠡᠳᠡᠭᠡ ᠵᠠᠩᠭᠢ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠨᠠᠭᠰᠢᠳᠠ | ᠴᠢᠩᠭᠠᠳᠬᠠᠵᠤ᠂ ᠬᠡᠷᠡᠭᠯᠡᠭᠴᠢᠳ ᠲᠤ ᠡᠷᠡᠭᠦᠯ ᠰᠠᠷᠠᠭᠤᠯ ᠰᠦᠯᠵᠢᠶᠡᠨ ᠤ ᠣᠷᠴᠢᠨ ᠬᠠᠩᠭᠠᠵᠤ᠂ ᠬᠤᠳᠠᠯ ᠬᠠᠭᠤᠷᠮᠠᠭ | ᠮᠡᠳᠡᠭᠡ ᠮᠡᠳᠡᠬᠡᠯᠡᠯ᠂ ᠨᠠᠮ ᠵᠠᠰᠠᠭ ᠴᠡᠷᠢᠭ ᠤᠨ ᠪᠠᠶᠢᠭᠤᠯᠭ᠎ᠠ᠂ ᠠᠷᠠᠳ ᠤᠨ ᠪᠦᠯᠬᠦᠮ ᠪᠣᠯᠣᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠪᠠᠷ ᠬᠠᠭᠤᠷᠮᠠᠬᠯᠠᠬᠰᠠᠨ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠬᠦ ᠶᠢᠨ ᠲᠤᠰᠠᠳᠠ᠂ ᠮᠡᠳᠡᠭᠡ | ᠵᠠᠩᠭᠢ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠣᠭᠲᠠᠭᠠᠪᠠ᠃ | ᠨᠢᠭᠡ᠂ ᠳᠠᠩᠰᠠᠨ ᠤ ᠨᠣᠮᠧᠷ ᠤᠨ ᠮᠡᠳᠡᠭᠡ ᠵᠠᠩᠭᠢ ᠳᠤ ᠲᠥᠷᠥ ᠤᠯᠤᠰ᠂ ᠨᠠᠮ ᠵᠠᠰᠠᠭ ᠴᠡᠷᠢᠭ ᠤᠨ | ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠠᠷᠠᠳ ᠤᠨ ᠪᠦᠯᠬᠦᠮ ᠪᠣᠯᠣᠨ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠬᠤᠳᠠᠯ ᠬᠠᠭᠤᠷᠮᠠᠭ ᠠᠭᠤᠯᠭ᠎ᠠ ᠠᠭᠤᠯᠤᠬᠰᠠᠨ ᠪᠠᠶᠢᠬᠤ ᠶᠢ ᠬᠤᠷᠢᠬᠯᠠᠨ᠎ᠠ᠃ | ᠬᠤᠶᠠᠷ᠂ ᠳᠠᠩᠰᠠᠨ ᠤ ᠨᠣᠮᠧᠷ ᠤᠨ ᠮᠡᠳᠡᠭᠡ ᠵᠠᠩᠭᠢ ᠳᠤ ᠬᠡᠪᠯᠡᠯ ᠮᠡᠳᠡᠬᠡᠯᠡᠯ᠂ ᠨᠡᠶᠢᠭᠡᠮ ᠨᠡᠶᠢᠲᠡ ᠶᠢᠨ | ᠴᠣᠭᠴᠠ ᠵᠡᠷᠭᠡ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠯᠲᠠ ᠶᠢᠨ ᠠᠭᠤᠯᠭ᠎ᠠ ᠶᠢ ᠬᠤᠳᠠᠯ ᠬᠠᠭᠤᠷᠮᠠᠭ ᠢᠶᠠᠷ | ᠳᠠᠭᠤᠷᠢᠶᠠᠬᠤ ᠶᠢ ᠬᠤᠷᠢᠬᠯᠠᠨ᠎ᠠ ᠬᠡᠵᠠᠢ᠃ |