︽ᠦᠬᠡᠷᠡᠴᠢᠯᠡᠯᠳᠡ ᠶᠢ ᠬᠦᠨᠵᠡᠬᠡᠶᠢᠷᠡᠬᠦᠯᠦᠭᠰᠡᠨ ᠲᠤᠮᠤᠬᠠᠨ ᠬᠤᠪᠢᠰᠤᠯᠳᠠ ᠶᠢ ᠭᠡᠷᠡᠴᠢᠯᠡᠭᠰᠡᠨ 109 ᠠᠯᠪᠡᠨ ᠲᠠᠮᠠᠭ᠎ᠠ︾ ᠬᠡᠰᠡᠨ ᠮᠡᠳᠡᠭᠡᠯᠡᠯ
ᠨᠡᠶᠢᠲᠡᠯᠡᠭᠰᠡᠨ ᠴᠠᠭ᠄
2023/3/28
      ᠶᠡᠷᠦᠩᠬᠡᠢ ᠱᠦᠵᠢ ᠰᠢ ᠶᠢᠨ ᠫᠢᠩ ᠵᠢᠭᠠᠬᠤ ᠳᠠᠭᠠᠨ᠂ ᠠᠵᠤ ᠠᠬᠤᠢ ᠶᠢᠨ ᠰᠢᠰᠲ᠋ᠧᠮ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠶᠢᠨ ᠵᠠᠩᠬᠢᠯᠠᠭ᠎ᠠ ᠨᠢ ᠵᠠᠰᠠᠭ ᠤᠨ ᠤᠷᠳᠤᠨ ᠪᠤᠯᠤᠨ ᠵᠠᠬ᠎ᠠ ᠲᠡᠯᠬᠡᠬᠦᠷ ᠤᠨ ᠬᠠᠷᠢᠴᠠᠭ᠎ᠠ ᠶᠢ ᠰᠡᠶᠢᠳᠤᠷ ᠰᠢᠢᠳᠪᠤᠷᠢᠯᠡᠵᠦ᠂ ᠡᠬᠢ ᠪᠠᠶᠠᠯᠢᠭ ᠤᠨ ᠬᠤᠪᠢᠶᠠᠷᠢᠯᠡᠯᠳᠡ ᠶᠢᠨ ᠶᠠᠪᠤᠴᠠ ᠳᠠᠬᠢ ᠵᠠᠬ᠎ᠠ ᠲᠡᠯᠬᠡᠬᠦᠷ ᠤᠨ ᠰᠢᠢᠳᠪᠤᠷᠢᠯᠡᠬᠦ ᠴᠢᠨᠡᠷᠳᠡᠢ ᠦᠢᠯᠡᠳᠦᠯ ᠪᠤᠯᠤᠨ ᠵᠠᠰᠠᠭ ᠤᠨ ᠤᠷᠳᠤᠨ ᠤ ᠦᠢᠯᠡᠳᠦᠯ ᠢ ᠨᠡᠩ ᠰᠠᠶᠢᠨ ᠪᠠᠳᠠᠷᠠᠭᠤᠯᠬᠤ ᠳᠤ ᠪᠠᠶᠢᠨ᠎ᠠ᠃ ᠵᠠᠰᠠᠭ ᠵᠠᠬᠢᠷᠭᠠᠨ ᠤ ᠵᠦᠪᠰᠢᠶᠡᠷᠡᠯ ᠤᠯᠭᠤᠬᠤ ᠲᠦᠷᠢᠮ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠵᠠᠰᠠᠭ ᠢ ᠴᠤᠮᠠᠳᠬᠠᠨ ᠡᠷᠬᠡ ᠶᠢ ᠲᠤᠷᠤᠭᠰᠢ ᠪᠠᠭᠤᠯᠭᠠᠬᠤ ᠶᠢ ᠠᠬᠢᠭᠤᠯᠵᠤ᠂ ᠡᠷᠬᠡ ᠲᠤᠰᠢᠶᠠᠯ ᠤᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠬᠠᠮᠢᠶᠠᠷᠤᠯᠳᠡ ᠶᠢ ᠬᠦᠨᠵᠡᠬᠡᠶᠢᠷᠡᠬᠦᠯᠬᠦ ᠶᠢᠨ ᠬᠠᠮᠳᠤ ᠠᠵᠢᠯ ᠶᠠᠪᠤᠳᠠᠯ ᠢ ᠬᠦᠢᠴᠡᠳᠬᠡᠬᠦ ᠡᠮᠦᠨ᠎ᠡ ᠬᠤᠶᠢᠨᠠᠬᠢ ᠠᠵᠢᠯ ᠤᠨ ᠬᠢᠨᠡᠨ ᠬᠠᠮᠢᠶᠠᠷᠤᠯᠳᠡ ᠶᠢ ᠴᠢᠩᠭᠠᠳᠬᠠᠬᠤ ᠭᠡᠷᠡᠭᠳᠡᠢ ᠬᠡᠵᠠᠢ᠃       ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠦᠬᠦᠷ ᠰᠢ ᠶᠢᠨ ᠫᠢᠩ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ ᠮᠠᠨ ᠤ ᠤᠯᠤᠰ ᠤᠨ ᠨᠡᠶᠢᠭᠡᠮ ᠵᠢᠷᠤᠮ ᠤᠨ ᠵᠠᠬ᠎ᠠ ᠲᠡᠯᠬᠡᠬᠦᠷ ᠤᠨ ᠠᠵᠤ ᠠᠬᠤᠢ ᠶᠢᠨ ᠰᠢᠰᠲ᠋ᠧᠮ ᠨᠡᠩ ᠰᠢᠰᠲ᠋ᠧᠮᠵᠢᠨ ᠲᠡᠬᠦᠯᠳᠡᠷᠵᠢᠵᠦ᠂ ᠨᠡᠩ ᠪᠤᠯᠪᠠᠰᠤᠷᠠᠩᠭᠤᠢ ᠪᠣᠯᠵᠣ ᠬᠡᠪᠰᠢᠵᠦ᠂ ᠤᠯᠤᠰ ᠤᠨ ᠵᠠᠰᠠᠨ ᠴᠡᠭᠴᠡᠯᠡᠬᠦ ᠰᠢᠰᠲ᠋ᠧᠮ ᠪᠤᠯᠤᠨ ᠵᠠᠰᠠᠨ ᠴᠡᠭᠴᠡᠯᠡᠬᠦ ᠴᠢᠳᠡᠪᠤᠷᠢ ᠶᠢᠨ ᠤᠳᠤᠬᠢᠴᠢᠯᠠᠯᠳᠠ ᠶᠢᠨ ᠲᠦᠪᠰᠢᠨ ᠲᠠᠰᠤᠷᠠᠯᠳᠡ ᠦᠬᠡᠢ ᠲᠡᠭᠡᠭᠰᠢᠯᠡᠭᠰᠡᠨ ᠪᠠᠶᠢᠨ᠎ᠠ᠃       ︽ᠰᠢᠨ᠎ᠡ ᠴᠠᠭ ᠦᠶ᠎ᠡ ᠶᠢᠨ ᠭᠡᠷᠡᠴᠢᠯᠡᠭᠴᠢ︾ ᠬᠡᠰᠡᠨ ᠲᠤᠰᠬᠠᠢ ᠨᠡᠪᠳᠡᠷᠡᠬᠦᠯᠬᠡ ᠶᠢᠨ ᠡᠨᠡ ᠴᠠᠭ ᠤᠨ ᠳ᠋ᠤᠭᠠᠷ ᠲᠤ ︽ᠦᠬᠡᠷᠡᠴᠢᠯᠡᠯᠳᠡ ᠶᠢ ᠬᠦᠨᠵᠡᠬᠡᠶᠢᠷᠡᠬᠦᠯᠦᠭᠰᠡᠨ ᠲᠤᠮᠤᠬᠠᠨ ᠬᠤᠪᠢᠰᠤᠯᠳᠠ ᠶᠢ ᠭᠡᠷᠡᠴᠢᠯᠡᠭᠰᠡᠨ 109 ᠠᠯᠪᠡᠨ ᠲᠠᠮᠠᠭ᠎ᠠ︾ ᠬᠡᠰᠡᠨ ᠮᠡᠳᠡᠭᠡᠯᠡᠯ ᠢ ᠬᠦᠷᠭᠡᠶ᠎ᠡ᠃       ᠲᠢᠶᠠᠨᠵᠢᠨ ᠬᠤᠲᠠ ᠶᠢᠨ ᠪᠢᠨ ᠬᠠᠢ ᠰᠢᠨ᠎ᠡ ᠲᠤᠭᠤᠷᠢᠭ ᠲᠤ ᠠᠪᠴᠦ ᠬᠡᠯᠡᠪᠡᠯ᠂ 2014 ᠤᠨ ᠤ 5 ᠳ᠋ᠤᠭᠠᠷ ᠰᠠᠷ᠎ᠠ ᠶᠢᠨ 20 ᠤ ᠡᠳᠤᠷ ᠪᠤᠯ ᠴᠠᠭ ᠦᠶ᠎ᠡ ᠶᠢ ᠵᠠᠭᠠᠭᠯᠠᠭᠰᠠᠨ ᠨᠢᠭᠡᠨ ᠡᠳᠤᠷ ᠶᠤᠮ᠃ ᠡᠨᠡ ᠡᠳᠤᠷ ᠲᠤ ᠪᠢᠨ ᠬᠠᠢ ᠰᠢᠨ᠎ᠡ ᠲᠤᠭᠤᠷᠢᠭ ᠲᠤ ᠪᠦᠬᠦ ᠤᠯᠤᠰ ᠤᠨ ᠠᠩᠬᠠᠨ ᠤ ︽ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ ᠲᠤᠪᠴᠢᠶ᠎ᠠ︾ ᠶᠢ ᠪᠠᠶᠢᠭᠤᠯᠵᠤ᠂ ᠠᠳᠠᠯᠢ ᠪᠤᠰᠤ 18 ᠪᠠᠶᠢᠭᠤᠯᠭ᠎ᠠ ᠨᠢᠭᠡᠴᠡ ᠶᠢᠨ ᠲᠤᠰ ᠲᠤᠰ ᠲᠠᠭᠠᠨ ᠬᠤᠪᠢᠳᠡᠨ ᠬᠠᠮᠢᠶᠠᠷᠴᠦ ᠪᠠᠶᠢᠭᠰᠠᠨ 216 ᠵᠦᠢᠯ ᠤᠨ ᠬᠢᠨᠡᠵᠦ ᠵᠦᠪᠰᠢᠶᠡᠷᠡᠯ ᠣᠯᠭᠤᠬᠤ ᠬᠠᠷᠢᠭᠤᠴᠠᠯᠭ᠎ᠠ ᠶᠢ ᠨᠢᠬᠡ ᠰᠠᠯᠠᠭ᠎ᠠ ᠮᠦᠴᠢᠷ ᠲᠤ ᠨᠢᠬᠡᠳᠭᠡᠨ ᠬᠠᠷᠢᠭᠤᠴᠠᠭᠤᠯᠤᠭᠰᠠᠨ ᠢᠶᠠᠷ ᠦᠩᠬᠡᠷᠡᠭᠰᠡᠨ ᠳᠤ ᠭᠡᠷᠡᠭᠯᠡᠵᠦ ᠪᠠᠶᠢᠭᠰᠠᠨ 109 ᠠᠯᠪᠡᠨ ᠲᠠᠮᠠᠭ᠎ᠠ ᠬᠦᠴᠦᠨ ᠦᠬᠡᠢ ᠪᠣᠯᠵᠣ᠂ ᠭᠡᠷᠡᠭᠯᠡᠭᠡᠨ ᠠᠴᠠ ᠭᠠᠷᠤᠭᠰᠠᠨ ᠪᠠᠶᠢᠨ᠎ᠠ᠃ ᠲᠤᠬᠠᠢ ᠶᠢᠨ ᠦᠶ᠎ᠡ ᠳᠤ ᠲᠢᠶᠠᠨᠵᠢᠨ ᠬᠤᠲᠠ ᠶᠢᠨ ᠪᠢᠨ ᠬᠠᠢ ᠰᠢᠨ᠎ᠡ ᠲᠤᠭᠤᠷᠢᠭ ᠤᠨ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ ᠲᠤᠪᠴᠢᠶᠠᠨ ᠤ ᠲᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠵᠠᠩ ᠲᠢᠶᠧ ᠵᠢᠶᠦ᠋ᠨ ᠬᠡᠯᠡᠬᠦ ᠳᠡᠭᠡᠨ᠂ ᠦᠩᠬᠡᠷᠡᠭᠰᠡᠨ ᠤ 18 ᠪᠠᠶᠢᠭᠤᠯᠭ᠎ᠠ ᠨᠢᠬᠡᠴᠡ ᠶᠢᠨ ᠬᠢᠨᠡᠵᠦ ᠵᠦᠪᠰᠢᠶᠡᠷᠡᠯ ᠤᠯᠭᠤᠬᠤ ᠲᠠᠮᠠᠭ᠎ᠠ ᠶᠢ ᠬᠢᠨᠡᠨ ᠵᠦᠪᠰᠢᠶᠡᠷᠡᠬᠦ ᠲᠤᠪᠴᠢᠶᠠᠨ ᠤ ᠬᠢᠨᠡᠵᠦ ᠵᠦᠪᠰᠢᠶᠡᠷᠡᠯ ᠤᠯᠭᠤᠬᠤ ᠲᠠᠮᠠᠭ᠎ᠠ ᠪᠤᠯᠭᠠᠨ ᠴᠤᠮᠠᠳᠬᠠᠵᠤ᠂ ᠨᠢᠬᠡ ᠯᠡ ᠲᠠᠮᠠᠭ᠎ᠠ ᠪᠠᠷ ᠪᠦᠬᠦ ᠠᠵᠢᠯ ᠢᠶᠠᠨ ᠬᠦᠢᠴᠡᠳᠬᠡᠬᠦ ᠪᠤᠯᠭᠠᠯ᠎ᠠ ᠬᠡᠵᠠᠢ᠃       4 ᠰᠠᠷ᠎ᠠ ᠶᠢᠨ ᠬᠢᠨᠢ ᠲᠠᠷᠠᠭ᠎ᠠ᠂ ᠲᠢᠶᠠᠨᠵᠢᠨ ᠬᠤᠲᠠ ᠶᠢᠨ ᠪᠢᠨ ᠬᠠᠢ ᠰᠢᠨ᠎ᠡ ᠲᠤᠭᠤᠷᠢᠭ ᠤᠨ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ ᠲᠤᠪᠴᠢᠶᠠᠨ ᠤ ᠠᠵᠢᠯ ᠶᠠᠪᠤᠳᠡᠯ ᠬᠦᠢᠴᠡᠳᠬᠡᠬᠦ ᠲᠢᠩᠬᠢᠮ ᠳᠤ ᠡᠨᠡ 109 ᠠᠯᠪᠡᠨ ᠲᠠᠮᠠᠭ᠎ᠠ ᠲᠡᠭᠡᠷ᠎ᠡ ᠴᠠᠭᠠᠨ ᠦᠩᠬᠡ ᠪᠠᠷ ᠯᠠᠴᠠᠳᠡᠵᠦ᠂ ᠲᠡᠭᠦᠨ ᠢ ᠬᠠᠶᠢᠷᠴᠠᠭᠯᠠᠨ ᠬᠠᠳᠠᠭᠠᠯᠠᠭᠰᠠᠨ ᠪᠠᠶᠢᠨ᠎ᠠ᠃ ᠲᠢᠶᠠᠨᠵᠢᠨ ᠬᠤᠲᠠ ᠶᠢᠨ ᠪᠢᠨ ᠬᠠᠢ ᠰᠢᠨ᠎ᠡ ᠲᠤᠭᠤᠷᠢᠭ ᠤᠨ ᠵᠠᠰᠠᠭ ᠤᠨ ᠶᠠᠪᠤᠳᠡᠯ ᠤᠨ ᠦᠢᠯᠡᠴᠢᠯᠡᠬᠡᠨ ᠤ ᠠᠯᠪᠡᠨ ᠭᠡᠷ ᠤᠨ ᠬᠢᠨᠡᠨ ᠵᠦᠪᠰᠢᠶᠡᠷᠡᠬᠦ ᠲᠠᠰᠤᠭ ᠤᠨ ᠡᠷᠬᠢᠯᠡᠭᠴᠢ ᠪᠦᠸᠧ ᠸᠧᠨ ᠹᠦ᠋ ᠬᠡᠯᠡᠬᠦ ᠳᠡᠭᠡᠨ᠂ ᠦᠬᠡᠷᠡᠴᠢᠯᠡᠯᠳᠡ ᠬᠢᠬᠦ ᠠᠴᠠ ᠡᠮᠦᠨ᠎ᠡ᠂ ᠪᠢᠳᠡ ᠲᠦᠷᠦᠯ ᠵᠦᠢᠯ ᠢ ᠲᠤᠭᠳᠠᠭᠠᠬᠤ ᠠᠴᠠ ᠠᠪᠤᠭᠠᠳ ᠪᠠᠷᠢᠵᠦ ᠪᠠᠶᠢᠭᠤᠯᠬᠤ ᠵᠦᠪᠰᠢᠶᠡᠷᠡᠯ ᠤᠨ ᠦᠨᠡᠮᠯᠡᠯ ᠠᠪᠬᠤ ᠪᠤᠯᠳᠠᠯ᠎ᠠ ᠪᠠᠷᠤᠭ 200 ᠭᠠᠷᠤᠢ ᠬᠤᠨᠤᠭ ᠭᠡᠷᠡᠭᠰᠡᠵᠦ᠂ ᠬᠡᠳᠤᠨ ᠠᠷᠪᠠᠭᠠᠳ ᠴᠢᠨᠠᠭᠰᠢᠯᠠᠪᠠᠯ ᠵᠠᠭᠤᠭᠠᠳ ᠲᠠᠮᠠᠭ᠎ᠠ ᠲᠠᠷᠤᠳᠠᠭ ᠪᠠᠶᠢᠯ᠎ᠠ᠃ ᠤᠳᠤ ᠡᠨᠡ 109 ᠲᠠᠮᠠᠭ᠎ᠠ ᠶᠢ ᠯᠠᠴᠠᠳᠡᠵᠦ ᠬᠠᠳᠠᠭᠠᠯᠠᠴᠢᠬᠠᠯ᠎ᠠ᠂ ᠬᠤᠶᠢᠰᠢᠳᠡ ᠪᠢᠳᠡ ᠡᠷᠬᠡ ᠶᠢ ᠲᠤᠷᠤᠭᠰᠢ ᠪᠠᠭᠤᠯᠭᠠᠨ ᠬᠢᠨᠡᠯᠳᠡ ᠬᠠᠮᠢᠶᠠᠷᠤᠯᠳᠡ ᠶᠢ ᠴᠢᠩᠭᠠᠳᠬᠠᠵᠤ ᠦᠢᠯᠡᠴᠢᠯᠡᠭᠡ ᠶᠢ ᠰᠢᠯᠢᠳᠡᠭᠵᠢᠬᠦᠯᠬᠦ ᠠᠵᠢᠯ ᠢ ᠦᠷᠬᠦᠯᠵᠢᠯᠡᠨ ᠡᠷᠴᠢᠳᠡᠢ ᠠᠬᠢᠭᠤᠯᠬᠤ ᠪᠤᠯᠤᠨ᠎ᠡ ᠬᠡᠵᠠᠢ᠃       109 ᠠᠯᠪᠡᠨ ᠲᠠᠮᠠᠭ᠎ᠠ ᠶᠢᠨ ᠦᠢᠯᠡᠳᠦᠯ ᠢ 1 ᠲᠠᠮᠠᠭᠠᠨ ᠲᠡᠭᠡᠷ᠎ᠡ ᠴᠤᠮᠠᠳᠬᠠᠭᠰᠠᠨ ᠤ ᠴᠠᠭᠠᠨ᠎ᠠ ᠨᠢ ᠠᠵᠢᠯ ᠶᠠᠪᠤᠳᠠᠯ ᠬᠢᠬᠦ ᠳᠡᠭᠡᠨ ᠡᠷᠡᠰ ᠰᠢᠭᠤᠷᠬᠠᠢ ᠪᠠᠶᠢᠵᠦ᠂ ᠲᠠᠳᠠᠭᠠᠯᠵᠠᠨ ᠲᠦᠳᠡᠭᠡᠯᠵᠡᠬᠦ ᠦᠬᠡᠢ ᠪᠠᠶᠢᠬᠤ ᠡᠷᠴᠢ ᠵᠤᠷᠢᠭ ᠢ ᠬᠠᠷᠠᠭᠤᠯᠤᠭᠰᠠᠨ ᠪᠠᠶᠢᠨ᠎ᠠ᠃ ᠡᠳᠡᠭᠡᠷ ᠦᠬᠡᠷᠡᠴᠢᠯᠡᠯᠳᠡ ᠪᠠᠷ ᠲᠠᠮᠵᠢᠭᠤᠯᠤᠨ ᠲᠢᠶᠠᠨᠵᠢᠨ ᠬᠤᠲᠠ ᠶᠢᠨ ᠪᠢᠨ ᠬᠠᠢ ᠰᠢᠨ᠎ᠡ ᠲᠤᠭᠤᠷᠢᠭ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ ᠦᠬᠡᠷᠡᠴᠢᠯᠡᠯᠳᠡ ᠶᠢ ᠤᠷᠢᠳᠴᠢᠯᠠᠨ ᠲᠤᠷᠰᠢᠨ ᠠᠵᠢᠯᠯᠠᠭᠤᠯᠬᠤ ᠬᠤᠰᠢᠭᠤᠴᠢ ᠪᠤᠯᠵᠡᠢ᠃
 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号