ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 15 ᠤ ᠡᠳᠦᠷ ᠤᠨ ᠮᠡᠳᠡᠭᠡ | 12 ᠰᠠᠷ᠎ᠠ ᠶᠢᠨ 16 ᠤ ᠡᠳᠦᠷ ᠬᠡᠪᠯᠡᠭᠳᠡᠬᠦ 24 ᠳ᠋ᠤᠭᠡᠷ ᠬᠤᠭᠤᠴᠠᠭᠠᠨ ᠤ ︽ᠦᠨᠡᠨ︾ ᠰᠡᠳᠬᠦᠯ | ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ︽ᠨᠠᠮ ᠤᠨ ᠰᠢᠯᠢᠳᠡᠭ | ᠬᠤᠪᠢᠰᠬᠠᠯᠳᠦ ᠤᠯᠠᠮᠵᠢᠯᠠᠯ ᠪᠤᠯᠤᠨ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠶᠠᠨ ᠠᠨ ᠤ ᠵᠣᠷᠢᠭ ᠰᠠᠨᠠᠭ᠎ᠠ ᠶᠢ | ᠪᠠᠳᠠᠷᠠᠭᠤᠯᠬᠤ ᠭᠡᠷᠡᠭᠳᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠵᠣᠬᠢᠶᠠᠯ ᠳᠤ᠂ ᠨᠠᠮ ᠤᠨ ᠳᠣᠯᠣᠳᠤᠭᠠᠷ ᠶᠡᠭᠡ | ᠬᠤᠷᠠᠯ ᠨᠢ ᠨᠠᠮ ᠤᠨ ᠲᠡᠦᠬᠡᠨ ᠳᠡᠭᠡᠷ᠎ᠡ ᠴᠢᠬᠤᠯᠠ ᠬᠦᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠪᠦᠭᠡᠳ | ᠮᠠᠨ ᠤ ᠨᠠᠮ ᠤᠯᠤᠰ ᠲᠦᠷᠦ ᠦᠵᠡᠯ ᠰᠠᠨᠠᠭ᠎ᠠ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠪᠣᠯᠪᠠᠰᠤᠷᠠᠩᠭᠤᠢ | ᠪᠣᠯᠤᠭᠰᠠᠨ ᠢ ᠬᠠᠷᠠᠭᠤᠯᠵᠤ᠂ ᠨᠠᠮ ᠤᠨ ᠬᠤᠵᠢᠮ ᠤᠨ ᠢᠯᠠᠯᠲᠠ ᠠᠴᠠ ᠢᠯᠠᠯᠲᠠ ᠲᠡᠶᠢᠰᠢ ᠲᠠᠰᠤᠷᠠᠯᠳᠠ ᠦᠭᠡᠢ | ᠤᠷᠤᠭᠰᠢᠯᠠᠬᠤ ᠳᠤ ᠵᠥᠪ ᠴᠢᠭᠯᠡᠯ ᠢ ᠵᠢᠭᠠᠵᠤ᠂ ᠵᠥᠪ ᠵᠠᠮ ᠢ ᠨᠡᠭᠡᠭᠡᠵᠦ ᠥᠭᠴᠡᠢ᠃ ᠶᠠᠨ ᠠᠨ ᠤ ᠬᠤᠪᠢᠰᠬᠠᠯ ᠤᠨ | ᠬᠠᠭᠤᠴᠢᠨ ᠪᠠᠭᠤᠷᠢ ᠨᠢ ᠮᠠᠨ ᠤ ᠨᠠᠮ ᠤᠨ ᠶᠠᠨ ᠠᠨ ᠳᠤ ᠪᠠᠶᠢᠬᠤ ᠳᠠᠭᠠᠨ ᠳᠤᠮᠳᠠᠳᠤ ᠤᠯᠤᠰ ᠤᠨ ᠬᠤᠪᠢᠰᠬᠠᠯ ᠢ | ᠤᠳᠤᠷᠢᠳᠴᠤ᠂ ᠮᠠᠷᠺᠰ ᠤᠨ ᠦᠵᠡᠯᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠭᠡᠷᠡᠯ ᠰᠠᠴᠤᠷᠠᠩᠭᠤᠢ ᠲᠡᠦᠬᠡᠨ | ᠶᠠᠪᠤᠴᠠ ᠶᠢ ᠬᠠᠶᠢᠨ ᠰᠦᠪᠡᠭᠴᠢᠯᠡᠭᠰᠡᠨ ᠢ ᠭᠡᠷᠡᠴᠢᠯᠡᠵᠦ᠂ ᠡᠭᠦᠷᠢᠳᠡ ᠤᠩᠰᠢᠭᠠᠳ ᠪᠠᠷᠠᠰᠢ ᠦᠭᠡᠢ ᠨᠣᠮ ᠪᠣᠯᠤᠨ᠎ᠠ᠃ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠶᠠᠩ ᠵᠢᠶᠠ ᠯᠢᠩ ᠤᠨ ᠦᠯᠢᠭᠡᠷ ᠢ ᠰᠠᠶᠢᠲᠤᠷ ᠶᠠᠷᠢᠵᠤ᠂ ᠨᠠᠮ ᠤᠨ | ᠳᠣᠯᠣᠳᠤᠭᠠᠷ ᠶᠡᠭᠡ ᠬᠤᠷᠠᠯ ᠤᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠶᠠᠨ ᠠᠨ ᠪᠣᠯ ᠳᠤᠮᠳᠠᠳᠤ ᠤᠯᠤᠰ ᠤᠨ ᠬᠤᠪᠢᠰᠬᠠᠯ ᠤᠨ ᠭᠤᠯᠤᠮᠳᠠ᠂ ᠰᠢᠨ᠎ᠡ ᠳᠤᠮᠳᠠᠳᠤ | ᠤᠯᠤᠰ ᠤᠨ ᠥᠯᠥᠭᠡᠢ ᠮᠥᠨ᠃ 1935 ᠣᠨ ᠠᠴᠠ 1948 ᠣᠨ ᠪᠣᠯᠲᠠᠯ᠎ᠠ᠂ ᠨᠠᠮ ᠤᠨ ᠲᠥᠪ ᠬᠤᠷᠢᠶ᠎ᠠ ᠪᠣᠯᠤᠨ | ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠶᠠᠨ ᠠᠨ ᠳᠤ 13 ᠵᠢᠯ ᠠᠮᠢᠳᠤᠷᠠᠬᠰᠠᠨ ᠪᠠ | ᠲᠡᠮᠡᠴᠡᠵᠦ᠂ ᠳᠤᠮᠳᠠᠳᠤ ᠤᠯᠤᠰ ᠤᠨ ᠬᠤᠪᠢᠰᠬᠠᠯ ᠤᠨ ᠦᠢᠯᠡᠰ ᠢ ᠤᠳᠤᠷᠢᠳᠤᠨ ᠪᠠᠭᠤᠷᠠᠯᠲᠠ ᠠᠴᠠ ᠥᠷᠨᠢᠯᠲᠡ | ᠲᠠᠶᠢᠰᠢ ᠤᠷᠤᠭᠰᠢᠯᠠᠵᠤ᠂ ᠲᠡᠦᠬᠡᠲᠦ ᠴᠢᠨᠠᠷᠲᠠᠢ ᠡᠷᠭᠢᠯᠲᠡ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠢᠷᠡᠭᠡᠳᠦᠢ | ᠬᠤᠪᠢ ᠵᠠᠶᠠᠭ᠎ᠠ ᠶᠢ ᠬᠤᠪᠢᠷᠠᠭᠤᠯᠵᠠᠢ᠃ ᠡᠨᠡ ᠤᠳᠠᠭ᠎ᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠳ ᠲᠠᠢ ᠬᠠᠮᠲᠤ ᠢᠷᠡᠭᠰᠡᠨ ᠨᠢ ᠲᠠᠷᠤᠢ ᠰᠢᠨ᠎ᠡ ᠨᠢᠭᠡ ᠬᠤᠭᠤᠴᠠᠭᠠᠨ ᠤ ᠲᠥᠪ | ᠬᠤᠷᠢᠶᠠᠨ ᠤ ᠤᠳᠤᠷᠢᠳᠬᠤ ᠬᠠᠮᠲᠤ ᠶᠠᠨ ᠠᠨ ᠤ ᠦᠶ᠎ᠡ ᠳᠤ ᠨᠠᠮ ᠤᠨ ᠪᠤᠢ ᠪᠣᠯᠭᠠᠭᠰᠠᠨ ᠰᠢᠯᠢᠳᠡᠭ ᠬᠤᠪᠢᠰᠬᠠᠯᠲᠤ | ᠤᠯᠠᠮᠵᠢᠯᠠᠯ ᠪᠠ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠶᠠᠨ ᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠪᠠᠷ | ᠲᠤᠩᠬᠠᠬᠯᠠᠬᠤ ᠬᠡᠰᠡᠨ ᠶᠤᠮ ᠭᠡᠵᠦ ᠵᠢᠭᠠᠵᠤ ᠭᠠᠷᠭᠠᠪᠠ᠃ ᠵᠣᠬᠢᠶᠠᠯ ᠳᠤ᠂ ᠶᠠᠨ ᠠᠨ ᠤ ᠦᠶ᠎ᠡ ᠳᠤ | ᠪᠦᠷᠢᠯᠳᠦᠭᠦᠯᠦᠭᠰᠡᠨ ᠪᠠ ᠪᠠᠳᠠᠷᠠᠭᠤᠯᠤᠭᠰᠠᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠨᠢ ᠡᠷᠡᠰ | ᠪᠠᠲᠤ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ᠂ ᠦᠵᠡᠯ ᠰᠠᠨᠠᠭ᠎ᠠ ᠪᠠᠨ ᠴᠢᠯᠥᠭᠡᠯᠡᠨ ᠦᠨᠡᠨ ᠠᠴᠠ ᠵᠥᠪ ᠢ | ᠡᠷᠢᠬᠦ ᠦᠵᠡᠯ ᠰᠠᠨᠠᠭᠠᠨ ᠤ ᠱᠤᠭᠤᠮ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ | ᠦᠨᠳᠦᠰᠦᠨ ᠵᠣᠷᠢᠯᠲᠠ᠂ ᠥᠪᠡᠷ ᠤᠨ ᠬᠦᠴᠦ ᠪᠠᠷ ᠢᠶᠠᠨ ᠳᠡᠭᠵᠢᠷᠡᠵᠦ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ | ᠦᠢᠯᠡᠰ ᠪᠤᠰᠬᠠᠬᠤ ᠵᠣᠷᠢᠭ ᠰᠠᠨᠠᠭ᠎ᠠ ᠪᠠᠷ ᠭᠤᠣᠯ ᠠᠭᠤᠯᠭ᠎ᠠ ᠪᠣᠯᠭᠠᠭᠰᠠᠨ ᠶᠠᠨ ᠠᠨ ᠤ ᠵᠣᠷᠢᠭ ᠰᠠᠨᠠᠭ᠎ᠠ ᠶᠢ ᠪᠤᠢ | ᠪᠣᠯᠭᠠᠵᠤ᠂ ᠨᠠᠮ ᠤᠨ ᠡᠷᠬᠢᠮ ᠨᠠᠨᠳᠢᠨ ᠤᠶᠤᠨ ᠰᠠᠨᠠᠭᠠᠨ ᠤ ᠥᠪ ᠬᠦᠷᠦᠩᠭᠡ ᠮᠥᠨ᠂ ᠡᠭᠦᠨ ᠢ ᠦᠶ᠎ᠡ ᠶᠢᠨ | ᠦᠶ᠎ᠡ ᠳᠤ ᠤᠯᠠᠮᠵᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠡᠷᠡᠰ ᠪᠠᠲᠤ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠪᠣᠯ ᠶᠠᠨ ᠠᠨ ᠤ ᠵᠣᠷᠢᠭ | ᠰᠠᠨᠠᠭᠠᠨ ᠤ ᠭᠤᠣᠯ ᠴᠢᠮᠥᠭᠡ ᠪᠣᠯᠤᠨ᠎ᠠ᠃ ᠪᠦᠬᠦ ᠨᠠᠮ ᠤᠨ ᠨᠥᠬᠦᠳ ᠵᠥᠪ ᠤᠯᠤᠰ ᠲᠦᠷᠦ ᠶᠢᠨ ᠴᠢᠭᠯᠡᠯ ᠢ | ᠪᠠᠷᠢᠮᠲᠠᠯᠠᠵᠤ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠡᠷᠡᠰ | ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ | ᠨᠠᠶᠢᠳᠠᠪᠤᠷᠢᠵᠢᠭᠤᠯᠵᠤ᠂ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠡᠭᠦᠳᠦᠨ ᠨᠡᠭᠡᠭᠡᠭᠰᠡᠨ ᠠᠭᠤᠤ ᠶᠡᠭᠡ | ᠦᠢᠯᠡᠰ ᠢ ᠦᠷᠭᠦᠯᠵᠢᠯᠡᠨ ᠤᠷᠤᠬᠰᠢ ᠠᠬᠢᠭᠤᠯᠬᠤ ᠬᠡᠷᠡᠭᠲᠡᠢ᠃ ᠠᠷᠠᠳ ᠲᠦᠮᠡᠨ ᠤ ᠵᠣᠭᠰᠣᠯᠲᠠ ᠳᠤ ᠪᠠᠲᠤ | ᠵᠣᠭᠰᠣᠵᠤ᠂ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠵᠦ᠂ ᠨᠠᠮ ᠤᠨ ᠤᠯᠠᠨ ᠲᠦᠮᠡᠨᠴᠢ ᠱᠤᠭᠤᠮ ᠢ | ᠲᠤᠤᠱᠯᠠᠭᠤᠯᠵᠤ᠂ ᠨᠠᠮ ᠪᠣᠯᠤᠨ ᠠᠷᠠᠳ ᠤᠯᠠᠨ ᠤ ᠴᠢᠰᠤ ᠮᠢᠬᠠᠨ ᠤ ᠬᠠᠷᠢᠴᠠᠭ᠎ᠠ ᠶᠢ ᠪᠠᠲᠤᠯᠠᠵᠤ᠂ | ᠤᠬᠠᠮᠰᠠᠷ ᠠᠴᠠ ᠪᠠᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠡᠯ᠎ᠡ | ᠵᠦᠢᠯ ᠤᠨ ᠠᠵᠢᠯ ᠳᠤ ᠲᠤᠤᠱᠯᠠᠭᠤᠯᠵᠤ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠵᠤ᠂ | ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠨᠡᠩ ᠤᠯᠠᠨ ᠨᠡᠩ ᠡᠷᠬᠡ ᠲᠡᠭᠰᠢ ᠪᠠᠷ | ᠪᠦᠬᠦ ᠠᠷᠠᠳ ᠲᠦᠮᠡᠨ ᠳᠤ ᠬᠦᠷᠲᠡᠭᠡᠬᠦ ᠬᠡᠷᠡᠭᠲᠡᠢ᠃ ᠥᠪᠡᠷ ᠤᠨ ᠬᠦᠴᠦ ᠪᠠᠷ ᠢᠶᠠᠨ ᠳᠡᠭᠵᠢᠷᠡᠬᠦ᠂ ᠲᠡᠰᠪᠦᠷᠢ | ᠬᠠᠲᠠᠭᠤᠵᠢᠯᠲᠠᠢ ᠪᠠᠷ ᠲᠡᠮᠡᠴᠡᠬᠦ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠢᠷᠡᠭᠡᠳᠦᠢ ᠳᠤ ᠮᠠᠨ ᠤ ᠪᠣᠳᠠᠰ ᠤᠨ | ᠠᠮᠢᠳᠤᠷᠠᠯ ᠬᠡᠴᠢᠨᠡᠨ ᠪᠠᠶᠠᠯᠢᠬᠵᠢᠭᠰᠠᠨ ᠴᠤ᠂ ᠥᠪᠡᠷ ᠤᠨ ᠬᠦᠴᠦ ᠪᠠᠷ ᠢᠶᠠᠨ ᠳᠡᠭᠵᠢᠷᠡᠬᠦ᠂ ᠲᠡᠰᠪᠦᠷᠢ | ᠬᠠᠲᠠᠭᠤᠵᠢᠯᠲᠠᠢ ᠪᠠᠷ ᠲᠡᠮᠡᠴᠡᠬᠦ ᠵᠣᠷᠢᠭ ᠰᠠᠨᠠᠭ᠎ᠠ ᠶᠢ ᠶᠠᠭᠠᠬᠢᠭᠰᠠᠨ ᠴᠤ ᠤᠷᠬᠢᠵᠤ ᠪᠣᠯᠬᠤ ᠦᠭᠡᠢ᠂ ᠯᠠᠪᠳᠠᠭᠤᠨ | ᠪᠠᠲᠤᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠤᠶᠤᠨ ᠴᠢᠳᠠᠯ ᠢᠶᠠᠨ ᠲᠥᠪᠯᠡᠷᠡᠭᠦᠯᠦᠨ | ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ᠂ ᠤᠯᠤᠰ ᠣᠷᠣᠨ ᠪᠠ ᠦᠨᠳᠦᠰᠦᠲᠡᠨ ᠤ ᠬᠥᠭᠵᠢᠯᠲᠡ ᠶᠢ ᠥᠪᠡᠷ ᠤᠨ | ᠬᠦᠴᠦᠨ ᠤ ᠪᠠᠨ ᠰᠠᠭᠤᠷᠢ ᠳᠡᠭᠡᠷ᠎ᠡ ᠲᠠᠯᠪᠢᠬᠤ ᠬᠡᠷᠡᠭᠲᠡᠢ᠃ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠪᠣᠯᠤᠨ | ᠡᠪ ᠬᠠᠮᠲᠤᠴᠤᠳ ᠤᠨ ᠦᠯᠡᠳᠡᠭᠡᠭᠰᠡᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠢ ᠰᠠᠶᠢᠲᠤᠷ | ᠤᠯᠠᠮᠵᠢᠯᠠᠨ ᠪᠠᠳᠠᠷᠠᠭᠤᠯᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠵᠣᠷᠢᠭᠲᠠᠢ ᠠᠬᠢᠭᠤᠯᠵᠤ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠨᠠᠮ ᠤᠨ ᠲᠡᠷᠢᠭᠦᠨ ᠤ ᠴᠢᠨᠠᠷ | ᠪᠣᠯᠤᠨ ᠴᠡᠪᠡᠷ ᠴᠢᠨᠠᠷ ᠢ ᠢᠮᠠᠭᠲᠠ ᠪᠠᠲᠤᠯᠠᠵᠤ᠂ ᠨᠠᠮ ᠢᠮᠠᠭᠲᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠬᠤ ᠶᠢ ᠪᠠᠲᠤᠯᠠᠬᠤ ᠬᠡᠷᠡᠭᠲᠡᠢ᠃ | ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠮᠡᠴᠡᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ | ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠬᠦᠴᠢᠷ ᠪᠡᠷᠬᠡᠰᠢᠶᠡᠯ ᠪᠣᠯᠤᠨ ᠥᠷᠢᠰᠥᠯᠳᠦᠭᠡᠨ ᠢ ᠡᠷᠡᠰ | ᠢᠯᠠᠨ ᠳᠠᠪᠠᠵᠤ᠂ ᠰᠢᠷᠭᠠᠭᠤ ᠲᠡᠮᠡᠴᠡᠯ ᠳᠤ ᠲᠦᠰᠢᠭᠯᠡᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠣᠷᠣᠨ | ᠵᠠᠢ ᠶᠢ ᠨᠡᠭᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠤ ᠨᠠᠮ ᠪᠣᠯᠤᠨ ᠤᠯᠤᠰ ᠤᠨ ᠦᠨᠳᠦᠰᠦᠨ ᠪᠤᠳᠤᠯᠭ᠎ᠠ ᠴᠢᠭᠯᠡᠯᠲᠡ ᠶᠢ ᠲᠣᠭᠲᠠᠭᠠᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠠᠤᠭ᠎ᠠ ᠲᠥᠰᠦᠪ ᠢ ᠵᠢᠷᠤᠭᠯᠠᠪᠠ᠃ ᠪᠢᠳᠡ ᠰᠢᠨ᠎ᠡ ᠠᠶᠠᠨ ᠳᠠᠭᠠᠨ | ᠮᠣᠷᠳᠠᠵᠤ᠂ ᠰᠢᠨ᠎ᠡ ᠲᠡᠮᠡᠴᠡᠯ ᠤᠨ ᠬᠠᠷᠠᠯᠲᠠ ᠵᠦᠭ ᠮᠣᠷᠳᠠᠵᠠᠭᠠᠶ᠎ᠠ︕ ᠭᠡᠵᠦ ᠴᠢᠬᠤᠯᠠᠴᠢᠯᠠᠪᠠ᠃ | |