ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ᠂ ︽ᠢᠷᠡᠬᠦ ᠵᠢᠯ ᠳᠤ ᠲᠣᠭᠲᠠᠭᠤᠨ ᠪᠠᠶᠢᠯᠭᠠᠬᠤ ᠶᠢ | ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠬᠤ ᠬᠡᠷᠡᠭᠲᠡᠢ︾ ᠭᠡᠵᠦ | ᠴᠢᠬᠤᠯᠠᠴᠢᠯᠠᠨ ᠵᠢᠭᠠᠵᠤ ᠭᠠᠷᠭᠠᠪᠠ᠃ ᠲᠣᠭᠲᠠᠭᠤᠨ ᠪᠠᠶᠢᠯᠭᠠᠬᠤ ᠦᠨᠳᠦᠰᠦᠨ ᠬᠥᠭ ᠠᠶᠠᠰ ᠢ ᠨᠠᠩ ᠲᠣᠳᠣᠷᠬᠠᠶ | ᠪᠣᠯᠭᠠᠵᠤ᠂ ᠤᠷᠤᠭᠰᠢᠯᠠᠨ ᠲᠠᠪᠰᠢᠬᠤ ᠱᠠᠭᠠᠷᠳᠠᠯᠭ᠎ᠠ ᠶᠢ ᠨᠠᠩ ᠢᠳᠡᠪᠬᠢᠲᠡᠶ ᠪᠣᠯᠭᠠᠵᠤ᠂ ᠲᠦᠢᠯ ᠤᠨ ᠡᠯᠪᠡᠭ ᠪᠠᠶᠠᠯᠢᠭ | ᠮᠡᠳᠡᠭᠡ ᠵᠠᠩᠭᠢ ᠶᠢ ᠲᠠᠮᠵᠢᠭᠤᠯᠪᠠ᠃ | ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ ᠶᠢ ᠪᠠᠷᠢᠮᠲᠠᠯᠠᠬᠤ ᠪᠣᠯ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶᠠᠨ ᠤ | ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠳᠤ ᠭᠦᠨᠵᠡᠭᠡᠢ ᠵᠠᠳᠠᠯᠤᠯᠲᠠ ᠬᠢᠭᠡᠳ ᠭᠠᠷᠭᠠᠭᠰᠠᠨ ᠴᠢᠬᠤᠯᠠ | ᠶᠡᠭᠡ ᠪᠠᠶᠢᠷᠢᠯᠠᠭᠤᠯᠤᠯᠲᠠ ᠪᠤᠯᠬᠤ ᠪᠦᠭᠡᠳ ᠢᠯᠡ ᠲᠣᠳᠣ ᠠᠰᠠᠭᠤᠳᠠᠯ ᠤᠨ ᠤᠳᠤᠷᠢᠳᠤᠮᠵᠢ ᠬᠠᠷᠠᠯᠲᠠ ᠶᠢᠨ | ᠤᠳᠤᠷᠢᠳᠤᠮᠵᠢ ᠶᠢ ᠢᠯᠡᠷᠡᠭᠦᠯᠪᠡ᠃ ᠣᠳᠣᠬᠠᠨ ᠳᠤ ᠮᠠᠨ ᠤ ᠤᠯᠤᠰ ᠤᠨ ᠠᠵᠤ ᠠᠬᠤᠢ ᠶᠢᠨ ᠰᠡᠷᠭᠦᠯᠲᠡ ᠶᠢᠨ | ᠰᠠᠭᠤᠷᠢ ᠬᠠᠷᠠᠬᠠᠨ ᠪᠠᠬᠢᠵᠢᠭᠡᠳᠦᠢ᠂ ᠬᠡᠷᠡᠭᠴᠡᠭᠡ ᠪᠠᠭᠠᠰᠬᠤ᠂ ᠬᠠᠩᠭᠠᠯᠭ᠎ᠠ ᠮᠠᠭᠤᠳᠠᠬᠤ᠂ ᠵᠢᠱᠢᠯᠳᠡ ᠠᠴᠠ ᠪᠠᠭᠤᠷᠠᠢ | ᠪᠣᠯᠬᠤ ᠭᠤᠷᠪᠠᠨ ᠳᠠᠪᠬᠤᠷ ᠳᠠᠷᠤᠯᠲᠠ ᠮᠥᠨ ᠬᠦ ᠨᠡᠯᠢᠶᠡᠳ ᠶᠡᠭᠡ᠂ ᠭᠠᠳᠠᠭᠠᠳᠤ ᠣᠷᠴᠢᠨ ᠲᠣᠭᠲᠠᠭᠤᠨ ᠪᠤᠰᠤ | ᠪᠠᠶᠢᠵᠤ᠂ ᠮᠠᠨ ᠤ ᠤᠯᠤᠰ ᠤᠨ ᠠᠵᠤ ᠠᠬᠤᠢ ᠳᠤ ᠦᠵᠡᠭᠦᠯᠬᠦ ᠨᠥᠯᠥᠭᠡ ᠭᠦᠨᠵᠡᠭᠡᠶᠢᠷᠡᠵᠦ ᠪᠠᠶᠢᠨ᠎ᠠ᠃ ᠬᠢᠵᠢᠭ ᠢ | ᠰᠡᠷᠭᠡᠶᠢᠯᠡᠨ ᠬᠤᠷᠢᠬᠯᠠᠬᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ ᠨᠢ ᠠᠵᠤ ᠠᠬᠤᠶ ᠶᠢᠨ ᠰᠡᠷᠭᠦᠯᠲᠡ ᠳᠤ ᠢᠯᠡᠳᠲᠡ | ᠢᠳᠡᠪᠬᠢᠲᠡᠶ ᠨᠥᠯᠥᠭᠡ ᠦᠵᠡᠭᠦᠯᠬᠦ ᠪᠣᠯᠤᠨ᠎ᠠ᠂ ᠭᠡᠪᠡᠴᠦ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠪᠠ ᠠᠵᠤ | ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ ᠳᠤ ᠪᠠᠰᠠ ᠶᠡᠭᠡ ᠬᠡᠮᠵᠢᠶᠡᠨ ᠤ ᠠᠵᠢᠯ ᠬᠢᠬᠦ | ᠴᠢᠬᠤᠯᠠᠲᠠᠶ ᠪᠠᠶᠢᠨ᠎ᠠ᠃ ᠪᠠᠶᠢᠳᠠᠯ ᠬᠡᠳᠦᠢ ᠨᠠᠷᠢᠨ ᠪᠤᠳᠤᠯᠢᠶᠠᠨᠲᠠᠢ᠂ ᠵᠠᠩᠭᠢᠯᠠᠭ᠎ᠠ ᠶᠢᠨ ᠴᠡᠭ ᠭᠡᠳᠦᠢ ᠨᠠᠷᠢᠨ | ᠪᠤᠳᠤᠯᠢᠶᠠᠨᠲᠠᠢ ᠪᠣᠯᠬᠤ ᠲᠤᠳᠤᠮ ᠲᠡᠳᠦᠢ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠬᠤ ᠬᠡᠷᠡᠭᠲᠡᠢ᠂ ᠡᠨᠡ ᠪᠣᠯ ᠮᠠᠨ ᠤ ᠨᠠᠮ ᠤᠨ ᠠᠵᠤ ᠠᠬᠤᠢ ᠶᠢᠨ | ᠠᠵᠢᠯ ᠢ ᠡᠵᠡᠮᠳᠡᠭᠰᠡᠨ ᠠᠮᠵᠢᠯᠲᠠᠲᠠᠢ ᠦᠢᠯᠡᠳᠦᠯᠭᠡ ᠪᠠᠷ ᠲᠠᠬᠢᠨ ᠳᠠᠪᠲᠠᠨ ᠭᠡᠷᠡᠴᠢᠯᠡᠭᠰᠡᠨ ᠨᠢᠭᠡᠨ ᠴᠢᠬᠤᠯᠠ | ᠲᠤᠷᠰᠢᠯᠭ᠎ᠠ ᠮᠥᠨ᠃ | ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ ᠶᠢ ᠪᠠᠷᠢᠮᠲᠠᠯᠠᠬᠤ ᠳᠤ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠠᠵᠢᠯ ᠣᠯᠭᠤᠯᠲᠠ ᠶᠢ ᠲᠣᠭᠲᠠᠭᠤᠨ | ᠪᠠᠶᠢᠯᠭᠠᠬᠤ᠂ ᠪᠠᠷᠠᠭᠠᠨ ᠤ ᠦᠨ᠎ᠡ ᠶᠢ ᠲᠣᠭᠲᠠᠭᠤᠨ ᠪᠠᠶᠢᠯᠭᠠᠬᠤ ᠠᠵᠢᠯ ᠢ ᠤᠨᠴᠠᠭᠠᠶᠢᠯᠠᠨ ᠰᠠᠶᠢᠲᠤᠷ ᠬᠢᠬᠦ ᠬᠡᠷᠡᠭᠲᠡᠢ᠃ | ᠮᠠᠨ ᠤ ᠡᠶᠢᠮᠦ ᠶᠡᠭᠡ ᠠᠵᠤ ᠠᠬᠤᠢ ᠶᠢᠨ ᠴᠣᠭᠴᠠ ᠳᠤ ᠠᠪᠴᠤ ᠬᠡᠯᠡᠪᠡᠯ᠂ ᠠᠵᠤ ᠠᠬᠤᠢ ᠶᠢᠨ ᠲᠣᠭᠲᠠᠭᠤᠨ | ᠡᠷᠭᠢᠯᠲᠡ ᠶᠢ ᠪᠠᠲᠤᠯᠠᠬᠤ ᠨᠢ ᠲᠦᠢᠯ ᠤᠨ ᠴᠢᠬᠤᠯᠠ ᠶᠤᠮ᠃ ᠭᠠᠭᠴᠠ ᠬᠦ ᠵᠦᠢ ᠵᠣᠬᠢᠰᠲᠠᠢ ᠠᠵᠤ ᠠᠬᠤᠢ ᠶᠢᠨ | ᠨᠡᠮᠡᠭᠳᠡᠯ ᠢ ᠪᠠᠲᠤᠯᠠᠵᠤ᠂ ᠠᠵᠢᠯ ᠣᠯᠭᠤᠯᠲᠠ ᠠᠷᠠᠳ ᠤᠨ ᠠᠮᠢᠳᠤᠷᠠᠯ ᠢ ᠭᠦᠢᠴᠡᠳ ᠪᠠᠲᠤᠯᠠᠪᠠᠯ ᠰᠠᠶ᠋ᠢ ᠠᠶᠤᠯ | ᠲᠦᠭᠰᠢᠭᠦᠷᠢ ᠥᠷᠢᠰᠥᠯᠳᠦᠭᠡᠨ ᠢ ᠯᠠᠪᠳᠠᠭᠤᠨ ᠢᠶᠠᠷ ᠠᠷᠢᠯᠭᠠᠵᠤ᠂ ᠳᠤᠮᠳᠠ ᠵᠡᠷᠭᠡ ᠶᠢᠨ ᠣᠷᠣᠯᠭ᠎ᠠ ᠶᠢᠨ ᠤᠨᠠᠭᠤᠯᠢ ᠶᠢ | ᠳᠠᠪᠠᠵᠤ᠂ ᠤᠯᠠᠨ ᠤᠯᠤᠰ ᠤᠨ ᠥᠷᠢᠰᠥᠯᠳᠦᠭᠡᠨ ᠤ ᠳᠤᠮᠳᠠ ᠳᠠᠪᠠᠭᠤᠯᠢᠭ ᠪᠠᠶᠢᠷᠢ ᠶᠢ ᠣᠯᠵᠤ ᠴᠢᠳᠠᠨ᠎ᠠ᠃ ᠮᠠᠨ ᠤ | ᠤᠯᠤᠰ ᠤᠨ ᠠᠵᠤ ᠠᠬᠤᠢ ᠵᠦᠢ ᠵᠣᠬᠢᠰᠲᠠᠢ ᠨᠡᠮᠡᠭᠳᠡᠬᠦ ᠨᠥᠬᠦᠴᠡᠯ ᠢ ᠪᠦᠷᠢᠯᠳᠦᠭᠦᠯᠵᠦ᠂ ᠴᠢᠷᠮᠠᠶᠢᠯᠭ᠎ᠠ ᠪᠠᠷ ᠢᠶᠠᠨ | ᠳᠠᠮᠵᠢᠭᠤᠯᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ ᠠᠵᠤ ᠠᠬᠤᠢ ᠶᠢᠨ | ᠡᠷᠬᠢᠯᠳᠡ ᠶᠢᠨ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠪᠠᠯ᠂ ᠠᠵᠤ ᠠᠬᠤᠢ ᠶᠢᠨ ᠨᠡᠮᠡᠭᠳᠡᠯ ᠢ ᠲᠠᠯᠳᠠ | ᠨᠡᠮᠡᠭᠳᠡᠯ ᠤᠨ ᠬᠢᠷᠢ ᠲᠦᠪᠰᠢᠨ ᠳᠤ ᠬᠦᠷᠭᠡᠵᠦ ᠴᠢᠳᠠᠨ᠎ᠠ᠃ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ | ᠦᠨᠳᠦᠰᠦ ᠮᠥᠨ᠂ ᠢᠷᠡᠬᠦ ᠵᠢᠯ ᠮᠠᠨ ᠤ ᠤᠯᠤᠰ ᠤᠨ ᠠᠵᠢᠯ ᠣᠯᠭᠤᠯᠲᠠ ᠶᠢᠨ ᠶᠡᠷᠦᠩᠬᠡᠢ ᠬᠡᠮᠵᠢᠶᠡᠨ ᠤ ᠳᠠᠷᠤᠯᠲᠠ | ᠪᠠ ᠪᠦᠲᠦᠴᠡ ᠶᠢᠨ ᠴᠢᠨᠠᠷᠲᠠᠢ ᠵᠥᠷᠢᠴᠡᠯ ᠵᠡᠷᠭᠡ ᠪᠠᠷ ᠣᠷᠣᠰᠢᠬᠤ ᠪᠣᠯᠬᠤᠷ ᠠᠵᠢᠯ ᠣᠯᠭᠤᠯᠲᠠ ᠶᠢ ᠲᠡᠷᠢᠭᠦᠨ ᠳᠤ | ᠲᠠᠯᠪᠢᠬᠤ ᠲᠦᠷᠦ ᠶᠢᠨ ᠪᠤᠳᠤᠯᠭ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃ ᠮᠠᠨ ᠤ ᠤᠯᠤᠰ ᠤᠨ | ᠨᠡᠶᠢᠭᠡᠮ ᠤᠨ ᠶᠡᠷᠦᠩᠬᠡᠢ ᠬᠠᠩᠭᠠᠯᠭ᠎ᠠ ᠭᠦᠢᠴᠡᠳ᠂ ᠠᠮᠤ ᠪᠤᠳᠠᠭ᠎ᠠ᠂ ᠡᠨᠧᠷᠭᠢ ᠶᠢᠨ ᠪᠠᠲᠤᠯᠠᠭ᠎ᠠ ᠬᠦᠴᠦᠲᠡᠢ᠂ | ᠪᠠᠷᠠᠭᠠᠨ ᠤ ᠦᠨ᠎ᠡ ᠲᠣᠭᠲᠠᠭᠤᠨ ᠪᠠᠶᠢᠬᠤ ᠳᠤ ᠰᠠᠭᠤᠷᠢ ᠲᠠᠢ ᠪᠣᠯᠬᠤᠷ ᠬᠤᠷᠸ᠎ᠠ ᠲᠦᠷᠦ ᠶᠢᠨ ᠪᠤᠳᠤᠯᠭ᠎ᠠ ᠳᠤ ᠬᠠᠷᠰᠢ | ᠰᠠᠭᠠᠳ ᠪᠣᠯᠬᠤ ᠦᠭᠡᠢ ᠶᠤᠮ᠂ ᠭᠡᠪᠡᠴᠦ ᠪᠠᠰᠠ ᠪᠦᠲᠦᠴᠡ ᠶᠢᠨ ᠴᠢᠨᠠᠷᠲᠠᠢ ᠪᠠᠷᠠᠭᠠᠨ ᠤ ᠦᠨ᠎ᠡ ᠶᠢᠨ ᠥᠰᠥᠯᠲᠡ ᠶᠢᠨ | ᠬᠡᠰᠡᠭ ᠬᠦᠴᠢᠷᠳᠡᠯ ᠲᠠᠢ ᠤᠯᠠᠨ ᠲᠦᠮᠡᠨ ᠳᠤ ᠦᠵᠡᠭᠦᠯᠬᠦ ᠨᠥᠯᠥᠭᠡ ᠶᠢ ᠴᠠᠭ ᠲᠤᠬᠠᠢ ᠳᠤᠨᠢ ᠪᠦᠲᠦᠮᠵᠢᠲᠡᠢ | ᠨᠠᠮᠳᠠᠭᠤᠯᠬᠤ ᠬᠡᠷᠡᠭᠲᠡᠢ᠃ | ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ ᠶᠢ ᠪᠠᠷᠢᠮᠲᠠᠯᠠᠬᠤ ᠳᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ | ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠬᠦ ᠲᠠᠯ᠎ᠠ ᠪᠠᠷ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠬᠤ | ᠬᠡᠷᠡᠭᠲᠡᠢ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ | ᠠᠵᠤ ᠠᠬᠤᠢ ᠶᠢᠨ ᠠᠵᠢᠯ ᠤᠨ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠴᠢᠬᠤᠯᠠ ᠡᠯᠧᠮᠧᠨ᠋ᠲ ᠤᠨ | ᠲᠤᠬᠢᠷᠠᠭᠤᠯᠤᠯᠳᠠ ᠶᠢ ᠰᠢᠯᠢᠳᠡᠭᠵᠢᠭᠦᠯᠬᠦ᠂ ᠪᠦᠲᠦᠴᠡ ᠶᠢᠨ ᠲᠤᠬᠢᠷᠠᠭᠤᠯᠤᠯᠳᠠ ᠶᠢ ᠠᠬᠢᠭᠤᠯᠬᠤ ᠲᠠᠯ᠎ᠠ ᠪᠠᠷ ᠨᠡᠩ ᠶᠡᠭᠡ | ᠠᠯᠬᠤᠮ ᠢ ᠠᠯᠬᠤᠬᠤ ᠬᠡᠷᠡᠭᠲᠡᠢ᠃ ᠭᠤᠣᠯᠯᠠᠬᠤ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠪᠠ ᠭᠤᠣᠯᠯᠠᠬᠤ | ᠴᠢᠳᠠᠮᠵᠢ ᠶᠢ ᠴᠢᠩᠭᠠᠷᠠᠭᠤᠯᠬᠤ ᠪᠠᠷ ᠭᠤᠣᠯᠳᠠᠯᠭ᠎ᠠ ᠪᠣᠯᠭᠠᠵᠤ᠂ ᠰᠢᠨ᠎ᠡ ᠨᠢᠭᠡᠨ ᠡᠭᠡᠯᠵᠢ ᠶᠢᠨ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠲᠥᠯᠥᠪᠯᠡᠬᠦ ᠬᠡᠷᠡᠭᠲᠡᠢ᠃ ᠡᠳ᠋ ᠤᠨ | ᠵᠠᠰᠠᠭ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠮᠥᠩᠭᠦᠨ ᠭᠦᠢᠯᠭᠡᠭᠡ ᠪᠠ ᠣᠷᠣᠨ ᠨᠤᠲᠤᠭ ᠤᠨ ᠥᠭᠴᠡᠭᠡᠨ ᠤ ᠲᠦᠭᠰᠢᠭᠦᠷᠢ ᠶᠢ ᠠᠷᠢᠯᠭᠠᠬᠤ ᠶᠢ ᠠᠬᠢᠭᠤᠯᠬᠤ | ᠬᠡᠷᠡᠭᠲᠡᠢ᠃ ᠡᠯ᠎ᠡ ᠲᠦᠷᠦᠯ ᠤᠨ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠦᠷᠭᠦᠯᠵᠢᠯᠡᠨ ᠴᠢᠩᠭᠠᠳᠬᠠᠵᠤ᠂ | ᠠᠵᠤ ᠠᠬᠤᠶᠢᠯᠠᠯ ᠢᠯᠠᠩᠭᠤᠶ᠎ᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠢᠲᠡᠭᠡᠯ ᠵᠣᠷᠢᠭ ᠢ | ᠬᠥᠪᠴᠢᠯᠡᠵᠦ᠂ ᠮᠠᠨ ᠤ ︽ᠬᠤᠶᠠᠷ ᠦᠴᠦᠭᠡᠨ ᠴᠤ ᠭᠤᠶᠢᠪᠢᠰᠢ ᠦᠭᠡᠢ︾ ᠶᠢ ᠪᠠᠷᠢᠮᠲᠠᠯᠠᠬᠤ ᠡᠰᠡᠬᠦ ᠲᠤᠬᠠᠢ ᠨᠡᠶᠢᠭᠡᠮ | ᠳᠡᠭᠡᠷᠡᠬᠢ ᠵᠦᠪ ᠪᠤᠰᠤ ᠶᠠᠷᠢᠶ᠎ᠠ ᠬᠡᠯᠡᠯᠴᠡᠭᠡ ᠳᠤ ᠴᠢᠭᠯᠡᠭᠦᠯᠦᠨ᠂ ᠡᠷᠬᠡᠪᠰᠢ ᠣᠪᠣᠷ ᠢᠶᠠᠨ ᠲᠣᠳᠣᠷᠬᠠᠢ ᠢᠯᠡᠳᠭᠡᠵᠦ᠂ | ᠥᠴᠦᠬᠡᠨ ᠴᠦ ᠲᠠᠲᠠᠭᠠᠯᠵᠠᠬᠤ ᠦᠭᠡᠢ ᠪᠠᠶᠢᠬᠤ ᠬᠡᠷᠡᠭᠲᠡᠢ᠃ ᠢᠲᠡᠭᠡᠮᠵᠢᠲᠦ ᠥᠮᠴᠢᠯᠡᠯ ᠤᠨ ᠡᠷᠬᠡ ᠶᠢᠨ | ᠬᠠᠮᠠᠭᠠᠯᠠᠯᠲᠠ ᠶᠢᠨ ᠲᠦᠷᠢᠮ ᠪᠣᠯ ᠵᠢᠱᠢᠯᠲᠡ ᠶᠢ ᠲᠤᠬᠳᠠᠭᠤᠨ ᠪᠠᠶᠢᠯᠭᠠᠬᠤ ᠶᠢᠨ ᠰᠠᠭᠤᠷᠢ ᠮᠥᠨ᠂ ᠥᠮᠴᠢᠯᠡᠯ ᠤᠨ | ᠡᠷᠬᠡ ᠪᠠ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠤᠯᠢ ᠶᠣᠰᠣᠭᠠᠷ ᠬᠠᠮᠠᠭᠠᠯᠠᠵᠤ᠂ ᠭᠡᠷ᠎ᠡ ᠶᠢᠨ ᠵᠣᠷᠢᠭ ᠰᠠᠨᠠᠭ᠎ᠠ ᠶᠢ | ᠬᠢᠴᠢᠶᠡᠩᠭᠦ᠋ᠢᠯᠡᠨ ᠵᠢᠷᠤᠮᠯᠠᠬᠤ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠳᠤ ᠡᠷᠬᠡ ᠲᠡᠭᠰᠢ ᠪᠠᠷ ᠬᠠᠨᠳᠤᠬᠤ ᠱᠠᠭᠠᠷᠳᠠᠯᠭ᠎ᠠ ᠶᠢ ᠲᠦᠷᠢᠮ ᠪᠠ ᠬᠠᠤᠯᠢ ᠴᠠᠭᠠᠵᠠ ᠶᠢᠨ | ᠲᠠᠯ᠎ᠠ ᠠᠴᠠ ᠨᠠᠶᠢᠳᠠᠪᠤᠷᠢᠵᠢᠭᠤᠯᠵᠤ᠂ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ | ᠥᠷᠭᠡᠳᠬᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠣᠷᠢᠭᠲᠠᠢ ᠪᠠᠷ ᠬᠢᠬᠦ᠂ ᠠᠷᠠᠳ ᠤᠨ | ᠡᠵᠡᠩᠨᠡᠭᠰᠡᠨ ᠠᠵᠤ ᠠᠬᠤᠶᠢᠯᠠᠯ ᠤᠨ ᠵᠣᠷᠢᠭᠲᠠᠢ ᠪᠠᠷ ᠬᠢᠬᠦ᠂ ᠭᠠᠳᠠᠭᠠᠳᠤ ᠶᠢᠨ ᠠᠵᠤ ᠠᠬᠤᠶᠢᠯᠠᠯ ᠤᠨ ᠵᠣᠷᠢᠭᠲᠠᠢ ᠪᠠᠷ | ᠪᠡᠯᠡ ᠣᠷᠣᠭᠤᠯᠬᠤ ᠠᠮᠢᠳᠤ ᠴᠣᠪᠣᠭᠤᠯᠢᠭ ᠪᠠᠶᠢᠳᠠᠯ ᠢ ᠪᠤᠢ ᠪᠣᠯᠭᠠᠬᠤ ᠬᠡᠷᠡᠭᠲᠡᠢ᠃ | ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ ᠶᠢ ᠪᠠᠷᠢᠮᠲᠠᠯᠠᠬᠤ ᠳᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠲᠦᠷᠦ ᠶᠢᠨ ᠪᠤᠳᠤᠯᠭ᠎ᠠ ᠶᠢᠨ | ᠬᠠᠨᠳᠤᠰᠢ ᠶᠢ ᠰᠠᠶᠢᠲᠤᠷ ᠡᠵᠡᠮᠳᠡᠬᠦ ᠬᠡᠷᠡᠭᠲᠡᠢ᠃ ᠬᠤᠷᠸ᠎ᠠ ᠲᠥᠷᠥ ᠶᠢᠨ ᠪᠣᠳᠣᠯᠭ᠎ᠠ ᠶᠢᠨ ᠲᠣᠬᠢᠷᠠᠭᠤᠯᠭ᠎ᠠ ᠡᠵᠡᠮᠰᠢᠯ ᠤᠨ | ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ | ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠬᠤ ᠬᠠᠮᠲᠤᠷᠠᠯ ᠬᠦᠴᠦᠨ ᠢ ᠪᠦᠷᠢᠯᠳᠦᠭᠦᠯᠬᠦ | ᠭᠡᠷᠡᠭᠳᠡᠢ᠃ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠤᠳᠤᠯᠭ᠎ᠠ ᠶᠢᠨ ᠦᠷ᠎ᠡ ᠪᠦᠲᠦᠮᠵᠢ ᠶᠢ ᠬᠦᠴᠦᠯᠡᠨ | ᠳᠡᠭᠡᠭᠰᠢᠯᠡᠭᠦᠯᠬᠦ ᠬᠡᠷᠡᠭᠲᠡᠢ᠃ ᠨᠡᠶᠢᠯᠡᠮᠡᠯ ᠤᠯᠠᠭᠠᠨ ᠲᠤᠭ᠎ᠠ᠂ ᠲᠤᠰᠬᠠᠶ ᠵᠢᠭᠡᠯᠡᠯᠭᠡ᠂ ᠳᠠᠮ ᠬᠦᠦ ᠵᠡᠷᠭᠡ ᠪᠠᠭᠠᠵᠢ ᠶᠢ | ᠰᠢᠯᠢᠳᠡᠭᠵᠢᠭᠦᠯᠦᠨ᠂ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠥᠷᠭᠡᠳᠬᠡᠬᠦ ᠡᠷᠴᠢᠮ ᠢᠶᠠᠨ ᠵᠣᠬᠢᠰᠲᠠᠶ | ᠴᠢᠩᠭᠠᠷᠠᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢ ᠰᠢᠯᠢᠳᠡᠭᠵᠢᠭᠦᠯᠬᠦ ᠲᠠᠯ᠎ᠠ ᠪᠠᠷ ᠳᠠᠬᠢᠨ ᠬᠦᠴᠦ ᠣᠷᠣᠭᠤᠯᠵᠤ᠂ | ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠦᠲᠦᠮᠵᠢᠲᠡᠶ ᠳᠡᠮᠵᠢᠬᠦ ᠬᠡᠷᠡᠭᠲᠡᠶ᠃ ᠵᠣᠭᠤᠰᠣᠨ ᠤ ᠯᠠᠪᠳᠠᠭᠤᠨ | ᠲᠥᠷᠥ ᠶᠢᠨ ᠪᠣᠳᠣᠯᠭ᠎ᠠ ᠶᠢ ᠨᠠᠷᠢᠨ ᠣᠨᠣᠪᠴᠢᠲᠠᠶ ᠪᠥᠭᠡᠳ ᠬᠦᠴᠦᠲᠡᠶ ᠬᠡᠷᠡᠭᠵᠢᠭᠦᠯᠬᠦ ᠬᠡᠷᠡᠭᠲᠡᠶ᠃ ᠭᠦᠢᠯᠭᠡᠭᠡᠨ ᠤ | ᠴᠢᠨᠠᠷ ᠤᠨ ᠵᠦᠶ ᠵᠣᠬᠢᠰᠲᠠᠶ ᠪᠥᠭᠡᠳ ᠭᠦᠢᠴᠡᠳ ᠪᠠᠶᠢᠬᠤ ᠶᠢ ᠪᠠᠲᠤᠯᠠᠵᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠪᠠᠭ᠎ᠠ ᠵᠢᠵᠢᠭ ᠠᠵᠤ ᠠᠬᠤᠶᠢᠯᠠᠯ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠡᠭᠦᠳᠦᠯᠲᠡ᠂ ᠪᠣᠬᠢᠷᠲᠤᠯ ᠥᠬᠡᠶ ᠬᠥᠭᠵᠢᠯᠲᠡ ᠵᠡᠷᠭᠡ ᠬᠦᠷᠢᠶ᠎ᠡ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠮᠥᠩᠭᠦᠨ ᠭᠦᠢᠯᠭᠡᠭᠡ ᠨᠢ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠳᠤ ᠭᠦᠢᠴᠡᠳ᠂ | ᠥᠪᠡᠷ ᠤᠨ ᠥᠷᠲᠡᠭ ᠢᠶᠠᠷ ᠳᠤᠤᠷ᠎ᠠ ᠪᠠᠯᠠ ᠮᠥᠩᠭᠦ ᠶᠢᠨ ᠳᠡᠮᠵᠢᠯᠭᠡ ᠬᠠᠩᠭᠠᠬᠤ ᠬᠡᠷᠡᠭᠲᠡᠶ᠃ ᠠᠵᠤ ᠦᠢᠯᠡᠰ ᠤᠨ | ᠲᠦᠷᠦ ᠶᠢᠨ ᠪᠤᠳᠤᠯᠭ᠎ᠠ ᠳᠤ ᠬᠥᠭᠵᠢᠭᠦᠯᠬᠦ ᠪᠠ ᠠᠶᠤᠯᠭᠦᠢ ᠪᠠᠶᠢᠯᠭᠠᠬᠤ ᠶᠢ ᠵᠡᠷᠭᠡ ᠪᠠᠷ ᠴᠢᠬᠤᠯᠠᠴᠢᠯᠠᠬᠤ ᠬᠡᠷᠡᠭᠲᠡᠢ᠃ | ᠬᠥᠭᠵᠢᠯᠲᠡ ᠪᠣᠯ ᠠᠮᠤᠷ ᠲᠦᠪᠰᠢᠨ ᠤ ᠰᠠᠭᠤᠷᠢ ᠮᠥᠨ᠂ ᠠᠮᠤᠷ ᠲᠦᠪᠰᠢᠨ ᠪᠣᠯ ᠬᠥᠭᠵᠢᠯᠲᠡ ᠶᠢᠨ ᠤᠷᠢᠲᠠᠯ ᠮᠥᠨ᠂ | ᠠᠵᠤ ᠦᠢᠯᠡᠰ ᠤᠨ ᠲᠦᠷᠦ ᠶᠢᠨ ᠪᠤᠳᠤᠯᠭ᠎ᠠ ᠪᠣᠯ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠦᠯᠦᠪᠵᠢᠭᠦᠯᠭᠦ ᠴᠢᠬᠤᠯᠠ ᠤᠶᠠᠯᠳᠤᠯ ᠤᠨ ᠴᠡᠭ ᠮᠥᠨ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ | ᠳᠡᠪᠰᠢᠭᠦᠯᠬᠦ ᠪᠠ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠬᠤ ᠶᠢ ᠴᠢᠩᠭ᠎ᠠ ᠠᠳᠬᠤᠵᠤ᠂ ᠠᠵᠤ ᠦᠢᠯᠡᠰ ᠤᠨ ᠬᠡᠯᠬᠢᠶ᠎ᠡ ᠶᠢᠨ ᠪᠠᠭᠤᠷᠠᠢ ᠭᠤᠭᠴᠤᠭ᠎ᠠ ᠶᠢ | ᠬᠦᠴᠦᠯᠡᠨ ᠨᠥᠬᠦᠪᠥᠷᠢᠯᠡᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠨᠢ ᠪᠡᠶ᠎ᠡ ᠪᠠᠨ | ᠳᠠᠭᠠᠭᠠᠵᠤ ᠬᠦᠴᠦᠷᠬᠡᠭᠵᠢᠬᠦ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠶ᠃ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ | ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ | ᠪᠠᠶᠢᠯᠳᠤᠬᠤ ᠪᠤᠳᠤᠯᠭ᠎ᠠ ᠶᠢ ᠣᠨᠣᠪᠴᠢᠲᠠᠢ ᠡᠵᠡᠮᠰᠢᠨ ᠨᠢᠭᠡ ᠴᠤᠭᠴᠠᠵᠢᠭᠤᠯᠤᠨ ᠨᠠᠶᠢᠳᠠᠪᠤᠷᠢᠵᠢᠭᠤᠯᠵᠤ᠂ ᠰᠤᠷᠭᠠᠨ | ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ ᠤ ᠰᠠᠭᠤᠷᠢᠯᠠᠬᠤ ᠴᠢᠨᠠᠷᠲᠠᠢ᠂ ᠪᠠᠶᠢᠯᠳᠤᠬᠤ | ᠪᠤᠳᠤᠯᠭ᠎ᠠ ᠶᠢᠨ ᠴᠢᠨᠠᠷᠲᠠᠢ ᠲᠤᠯᠭᠠᠭᠤᠷᠢᠯᠠᠯ ᠢ ᠴᠢᠩᠭᠠᠳᠬᠠᠬᠤ ᠬᠡᠷᠡᠭᠲᠡᠢ᠃ ᠨᠡᠶᠢᠭᠡᠮ ᠤᠨ ᠲᠦᠷᠦ ᠶᠢᠨ ᠪᠤᠳᠤᠯᠭ᠎ᠠ ᠨᠢ | ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠱᠤᠭᠤᠮ ᠢ ᠪᠠᠲᠤ ᠰᠠᠬᠢᠬᠤ ᠬᠡᠷᠡᠭᠲᠡᠢ᠃ ᠢᠷᠡᠬᠦ ᠵᠢᠯ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠤᠨ ᠬᠡᠪᠴᠢᠶ᠎ᠡ ᠵᠢᠱᠢᠯᠲᠡ ᠪᠠᠷ 1150 ᠲᠦᠮᠡᠨ ᠬᠦᠮᠦᠨ ᠢ ᠳᠠᠪᠠᠵᠤ᠂ ᠳᠠᠬᠢᠨᠲᠠ | ᠰᠢᠨ᠎ᠡ ᠲᠡᠮᠳᠡᠭᠯᠡᠯ ᠢ ᠡᠭᠦᠳᠬᠦ ᠪᠣᠯᠤᠨ᠎ᠠ᠂ ᠠᠵᠢᠯ ᠣᠯᠭᠤᠯᠲᠠ ᠶᠢ ᠰᠢᠩᠭᠡᠭᠡᠨ ᠠᠪᠬᠤ ᠴᠢᠳᠠᠪᠤᠷᠢ ᠪᠠᠷ ᠴᠢᠩᠭ᠎ᠠ ᠠᠵᠤ | ᠦᠢᠯᠡᠰ ᠪᠠ ᠠᠵᠤ ᠠᠬᠤᠶᠢᠯᠠᠯ ᠢ ᠳᠡᠮᠵᠢᠨ ᠬᠥᠭᠵᠢᠭᠦᠯᠵᠦ᠂ ᠵᠠᠯᠠᠭᠤᠴᠤᠳ ᠢᠯᠠᠩᠭᠤᠶ᠎ᠠ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠤ ᠠᠵᠢᠯ ᠣᠯᠭᠤᠬᠤ ᠶᠢ ᠠᠬᠢᠭᠤᠯᠬᠤ ᠠᠵᠢᠯ ᠢ ᠨᠠᠩ ᠲᠣᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠶ᠃ | ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠦᠷᠭᠡᠵᠢᠭᠦᠯᠦᠨ ᠦᠨᠳᠦᠰᠦᠨ ᠱᠠᠳᠤᠨ ᠳᠤ ᠪᠠᠭᠤᠯᠭᠠᠬᠤ ᠪᠠ | ᠣᠷᠣᠨ ᠪᠦᠰᠡ ᠶᠢᠨ ᠲᠡᠩᠴᠡᠭᠦᠷᠢᠲᠡᠢ ᠪᠠᠶᠢᠷᠢᠰᠢᠭᠤᠯᠤᠯᠳᠠ ᠶᠢ ᠠᠬᠢᠭᠤᠯᠵᠤ᠂ ᠬᠥᠳᠡᠭᠡ ᠲᠣᠰᠬᠤᠨ ᠪᠠ ᠬᠥᠭᠵᠢᠭᠡᠳᠦᠢ | ᠭᠠᠵᠠᠷ ᠣᠷᠣᠨ ᠤ ᠡᠮᠴᠢᠯᠡᠭᠡᠨ ᠤ ᠡᠬᠢ ᠪᠠᠶᠠᠯᠢᠭ ᠢ ᠨᠡᠮᠡᠭᠳᠡᠭᠦᠯᠬᠦ ᠬᠡᠷᠡᠭᠲᠡᠢ᠃ ᠬᠥᠮᠦᠨ ᠠᠮᠠ ᠶᠢᠨ ᠨᠠᠰᠤᠵᠢᠯᠲᠠ ᠪᠠ | ᠬᠡᠦᠭᠡᠳ ᠴᠦᠭᠡᠨ ᠠᠪᠴᠤ ᠪᠠᠶᠢᠭ᠎ᠠ ᠪᠠᠶᠢᠳᠠᠯ ᠢ ᠢᠳᠡᠪᠬᠢᠲᠡᠢ ᠠᠷᠭᠠᠴᠠᠵᠤ᠂ ᠦᠷᠡᠵᠢᠯ ᠢ ᠳᠡᠮᠵᠢᠬᠦ ᠲᠦᠷᠦ ᠶᠢᠨ | ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠨᠠᠰᠤᠵᠢᠯ ᠤᠨ ᠠᠰᠠᠷᠠᠮᠵᠢ ᠶᠢᠨ ᠦᠢᠯᠡᠰ ᠪᠠ ᠨᠠᠰᠤᠵᠢᠯ ᠤᠨ | ᠠᠰᠠᠷᠠᠮᠵᠢ ᠶᠢᠨ ᠠᠵᠤ ᠦᠢᠯᠡᠰ ᠢ ᠬᠥᠭᠵᠢᠭᠦᠯᠵᠦ᠂ ᠨᠡᠶᠢᠭᠡᠮ ᠤᠨ ᠬᠦᠴᠦᠨ ᠢ ᠲᠡᠮᠵᠢᠭᠦ ᠪᠠ ᠬᠦᠲᠦᠯᠦᠨ | ᠵᠢᠯᠤᠭᠤᠳᠴᠤ ᠪᠠᠶᠢᠭᠠᠳ ᠤᠯᠠᠨ ᠡᠰᠢᠲᠦ ᠬᠠᠩᠭᠠᠯᠭ᠎ᠠ ᠶᠢ ᠨᠡᠮᠡᠭᠳᠡᠭᠦᠯᠬᠦ ᠬᠡᠷᠡᠭᠲᠡᠢ᠃ | ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ ᠶᠢ ᠪᠠᠷᠢᠮᠲᠠᠯᠠᠬᠤ ᠳᠤ᠂ ᠡᠷᠬᠡᠪᠰᠢ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ | ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠶᠤᠯ ᠲᠦᠭᠰᠢᠭᠦᠷᠢ ᠲᠥᠪᠯᠡᠷᠡᠵᠦ ᠭᠡᠨᠡᠳᠲᠡ ᠡᠭᠦᠰᠬᠦ ᠳᠤ | ᠬᠦᠷᠪᠡᠯ᠂ ᠠᠵᠤ ᠠᠬᠤᠢ ᠨᠡᠶᠢᠭᠡᠮ ᠤᠨ ᠬᠥᠭᠵᠢᠯᠲᠡ ᠵᠣᠭᠰᠣᠩᠭᠢᠷᠠᠬᠤ ᠴᠢᠨᠠᠭᠰᠢᠯᠠᠪᠠᠯ ᠤᠬᠤᠷᠢᠵᠤ᠂ ᠲᠣᠭᠲᠠᠭᠤᠨ | ᠪᠠᠶᠢᠯᠭᠠᠬᠤ ᠶᠢ ᠶᠠᠷᠢᠬᠤ ᠶᠢᠨ ᠠᠷᠭ᠎ᠠ ᠦᠭᠡᠢ ᠪᠣᠯᠤᠨ᠎ᠠ᠃ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠠᠵᠤ | ᠦᠢᠯᠡᠰ ᠤᠨ ᠬᠡᠯᠬᠢᠶ᠎ᠡ ᠣᠷᠳᠣ ᠪᠠᠶᠢᠵᠤ᠂ ᠠᠵᠤ ᠠᠬᠤᠶ ᠶᠢᠨ ᠨᠡᠮᠡᠭᠳᠡᠯ᠂ ᠡᠳ᠋ ᠤᠨ ᠵᠠᠰᠠᠭ ᠤᠨ ᠪᠠᠶᠢᠳᠠᠯ᠂ ᠠᠶᠤᠯ | ᠲᠦᠭᠰᠢᠭᠦᠷᠢ ᠶᠢ ᠰᠡᠷᠭᠡᠶᠢᠯᠡᠬᠦ ᠳᠤ ᠰᠢᠰᠲ᠋ᠧᠮᠲᠦ ᠨᠥᠯᠥᠭᠡ ᠲᠠᠢ ᠶᠤᠮ᠂ ᠬᠡᠷ ᠪᠠᠶᠢᠰᠢᠩ ᠭᠠᠵᠠᠷ ᠰᠢᠷᠣᠶ ᠶᠢᠨ | ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠬᠥᠭᠵᠢᠯᠲᠡ ᠶᠢ ᠦᠨᠡᠨ ᠬᠦ ᠪᠠᠲᠤᠯᠠᠵᠤ᠂ ᠠᠰᠠᠷ ᠪᠠᠶᠢᠰᠢᠩ ᠢ | ᠪᠤᠯᠵᠤᠭ᠎ᠠ ᠶᠤᠰᠤᠭᠠᠷ ᠪᠠᠷᠢᠯᠭ᠎ᠠ ᠶᠢ ᠲᠠᠭᠤᠰᠬᠠᠨ ᠲᠤᠰᠢᠶᠠᠬᠤ ᠶᠢ ᠪᠠᠳᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ | ᠲᠣᠭᠲᠠᠭᠤᠨ ᠪᠠᠶᠢᠯᠭᠠᠬᠤ ᠶᠢ ᠪᠠᠲᠤᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠡᠷ | ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠲᠠᠭᠠᠭᠤᠯᠤᠬᠴᠢ ᠠᠵᠤ ᠠᠬᠤᠶᠢᠯᠠᠯ ᠤᠨ ᠲᠦᠭᠰᠢᠭᠦᠷᠢ ᠶᠢ | ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠡᠳ᠋ ᠬᠥᠷᠥᠩᠭᠡ ᠶᠢᠨ ᠥᠷᠢᠲᠦᠯ ᠤᠨ ᠪᠠᠶᠢᠳᠠᠯ ᠢ ᠰᠠᠶᠢᠵᠢᠷᠠᠭᠤᠯᠬᠤ ᠬᠡᠷᠡᠭᠲᠡᠶ᠃ | ᠬᠡᠷ ᠪᠠᠶᠢᠰᠢᠩ ᠢ ᠪᠣᠯ ᠰᠠᠭᠤᠬᠤ ᠳᠤ ᠵᠤᠷᠢᠭᠤᠯᠤᠬᠰᠠᠨ ᠠᠴᠠ ᠪᠢᠰᠢ ᠰᠠᠷᠢᠭᠠᠯᠠᠬᠤ ᠳᠤ ᠵᠤᠷᠢᠭᠤᠯᠤᠬᠰᠠᠨ ᠪᠢᠰᠢ ᠭᠡᠬᠦ | ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠢᠯᠡᠰ ᠤᠨ ᠰᠢᠨ᠎ᠡ | ᠬᠥᠭᠵᠢᠯᠲᠡ ᠶᠢᠨ ᠵᠠᠭᠪᠤᠷ ᠲᠡᠶᠢᠰᠢ ᠲᠣᠭᠲᠠᠭᠤᠨ ᠢᠶᠠᠷ ᠰᠢᠯᠵᠢᠬᠦ ᠶᠢ ᠠᠬᠢᠭᠤᠯᠬᠤ ᠬᠡᠷᠡᠭᠲᠡᠶ᠂ ᠡᠨᠡ ᠪᠣᠯ ᠬᠡᠷ | ᠪᠠᠶᠢᠰᠢᠩ ᠭᠠᠵᠠᠷ ᠰᠢᠷᠣᠶ ᠶᠢᠨ ᠬᠥᠷᠥᠩᠭᠡ ᠬᠢᠮᠳᠠᠷᠠᠬᠤ ᠦᠶᠡᠯᠡᠯ ᠤᠨ ᠤᠷᠴᠢᠯ ᠢ ᠬᠤᠪᠢᠷᠠᠭᠤᠯᠬᠤ | ᠦᠨᠳᠦᠰᠦᠨ ᠠᠴᠠ ᠨᠢ ᠵᠠᠰᠠᠬᠤ ᠠᠷᠭ᠎ᠠ ᠪᠣᠳᠣᠯᠭ᠎ᠠ ᠮᠥᠨ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ | ᠠᠷᠢᠯᠭᠠᠵᠤ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠨ ᠪᠦᠰᠡ ᠶᠢᠨ ᠴᠢᠨᠠᠷᠲᠠᠢ᠂ | ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠪᠦᠷᠢᠯᠳᠦᠬᠦ ᠶᠢ ᠰᠡᠷᠭᠡᠶᠢᠯᠡᠬᠦ ᠬᠡᠷᠡᠭᠲᠡᠢ᠃ | ᠤᠶᠠᠨ ᠲᠦᠯᠬᠢᠭᠡᠨ ᠳᠤ ᠬᠦᠬᠡᠮᠳᠦᠭ ᠤᠰᠤ ᠨᠡᠯᠦ᠋ᠢᠵᠦ᠂ ᠤᠷᠢᠬᠠᠨ ᠰᠠᠯᠬᠢᠨ ᠳᠤ ᠲᠠᠷᠪᠠᠭᠤᠯ ᠬᠡᠶᠢᠰᠭᠡᠨ | ᠤᠷᠤᠬᠰᠢᠯᠠᠨ᠎ᠠ᠃ ᠰᠢᠨ᠎ᠡ ᠠᠶᠠᠨ ᠵᠠᠮ ᠳᠤ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠬᠳᠠᠭᠤᠨ | ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ | ᠠᠶᠤᠯ ᠲᠦᠭᠰᠢᠭᠦᠷᠢ ᠥᠷᠢᠰᠥᠯᠳᠦᠭᠡᠨ ᠢ ᠯᠠᠪᠳᠠᠭᠤᠨ ᠢᠶᠠᠷ ᠠᠷᠭᠠᠴᠠᠪᠠᠯ᠂ ᠮᠠᠨ ᠤ ᠤᠯᠤᠰ ᠤᠨ ᠠᠵᠤ ᠠᠬᠤᠢ ᠶᠢᠨ | ᠲᠤᠮᠤ ᠬᠦᠯᠭᠡ ᠤᠡᠭᠭᠤᠴᠠ ᠯᠠᠪᠲᠠᠢ ᠳᠠᠪᠠᠯᠭᠠᠨ ᠢ ᠵᠦᠰᠦᠨ ᠤᠷᠤᠭᠰᠢᠯᠠᠵᠤ ᠴᠢᠳᠠᠨ᠎ᠠ᠃ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠦᠬᠦᠯᠡᠬᠦ ᠨᠢ | ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ |