ᠭᠠᠷᠠᠭ ᠤᠨ ᠲᠠᠪᠤᠨ ᠤ ᠤᠷᠤᠢ ᠪᠠᠶᠠᠨᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤᠨ ᠤ | ᠡᠮᠡᠭᠲᠡᠶᠢᠴᠦᠳ ᠤᠨ ᠬᠤᠯᠪᠤᠭ᠎ᠠ ᠶᠢᠨ ᠲᠡᠷᠢᠭᠦᠯᠡᠭᠴᠢ ᠸᠠᠩ ᠶᠠᠨ᠂ ︽ᠥᠬᠢᠨ︾ ᠶᠣᠣ ᠶᠣᠣ ᠪᠠᠨ ᠲᠤᠰᠬᠤ ᠪᠠᠷ | ᠰᠤᠷᠭᠠᠭᠤᠯᠢ ᠡᠬᠦᠳᠡᠨ ᠳᠤ ᠢᠷᠡᠪᠡ᠂ ᠸᠠᠩ ᠶᠠᠨ ︽ᠭᠠᠷᠠᠭ ᠤᠨ ᠰᠡᠭᠦᠯᠴᠢ ᠶᠢᠨ ᠡᠵᠢ︾ ᠶᠢᠨ ᠠᠵᠢᠯᠯᠠᠭ᠎ᠠ ᠪᠠᠷ ᠶᠤᠤ | ᠶᠤᠤ ᠲᠠᠢ ︽ᠡᠵᠢ︾ ︽ᠦᠬᠢᠨ︾ ᠪᠤᠯᠤᠯᠴᠠᠬᠰᠠᠨ ᠶᠤᠮ᠃ | ᠸᠠᠩ ᠶᠠᠨ ᠵᠠᠮ ᠲᠤᠵᠢ ᠬᠡᠦᠬᠡᠳ ᠤᠨ ᠢᠶᠠᠨ ᠰᠤᠷᠤᠯᠭ᠎ᠠ᠂ ᠠᠮᠢᠳᠤᠷᠠᠯ ᠤᠨ ᠨᠠᠷᠢᠨ ᠵᠦᠢᠯᠡᠰ ᠢ ᠬᠠᠯᠠᠮᠵᠢᠯᠠᠨ | ᠠᠰᠠᠭᠤᠵᠤ ᠯᠨ ᠪᠠᠶᠢᠯ᠎ᠠ᠃ ᠵᠢᠷᠭᠤᠭᠠᠨ ᠵᠢᠯ ᠤᠨ ᠡᠮᠦᠨ᠎ᠡ᠂ ᠸᠠᠩ ᠶᠠᠨ ︽ᠭᠠᠷᠠᠭ ᠤᠨ ᠰᠡᠭᠦᠯᠴᠢ ᠤᠨ ᠡᠵᠢ᠂ | ᠭᠠᠷᠠᠭ ᠤᠨ ᠰᠡᠬᠦᠯᠴᠢ ᠶᠢᠨ ᠡᠯᠢᠬᠡᠰᠡᠭ ᠬᠡᠷ ᠪᠦᠯᠢ ᠨᠠᠬᠢᠶ᠎ᠠ ᠪᠦᠪᠠᠢ ᠶᠢ ᠬᠠᠯᠠᠮᠵᠢᠯᠠᠬᠤ︾ ᠠᠵᠢᠯᠯᠠᠭ᠎ᠠ ᠪᠠᠷ ᠲᠠᠮᠵᠢᠨ | ᠶᠤᠤ ᠶᠤᠤ ᠶᠢ ᠬᠠᠪᠰᠤᠷᠬᠤ ᠡᠬᠦᠷᠬᠡ ᠶᠢ ᠬᠦᠯᠢᠶᠡᠨ ᠠᠪᠤᠬᠰᠠᠨ ᠢᠶᠠᠷ ᠶᠤᠤ ᠶᠤᠤ ᠸᠠᠩ ᠶᠠᠨ ᠤ ᠠᠮᠢᠳᠤᠷᠠᠯ ᠳᠤ | ᠢᠳᠡᠬᠡᠰᠢᠭᠰᠡᠨ ᠶᠤᠮ᠃ ᠶᠣᠣ ᠶᠣᠣ ᠶᠢᠨ ᠠᠪᠤ ᠬᠤ᠋ ᠰᠢᠶᠦ᠋ᠢᠩ ᠸᠧᠢ ᠰᠤᠷᠪᠤᠯᠵᠢᠯᠠᠭ᠎ᠠ ᠬᠦᠯᠢᠶᠡᠬᠦ ᠳᠤ ᠪᠠᠨ᠄ | ︽ᠬᠡᠦᠬᠡᠳ ᠣᠲᠣ ᠡᠭᠡᠨᠡᠭᠲᠡ ᠡᠵᠢ ᠲᠠᠢ ᠪᠣᠯᠣᠯ᠎ᠠ ᠭᠡᠵᠦ ᠪᠤᠳᠤᠬᠤ ᠪᠤᠯᠵᠤ ᠪᠠᠶᠢᠨ᠎ᠠ᠂ ᠭᠠᠷᠠᠭ ᠤᠨ ᠰᠡᠭᠦᠯᠴᠢ ᠪᠣᠯᠭᠠᠨ | ᠸᠠᠩ ᠶᠠᠨ ᠢ ᠡᠷᠳᠡᠬᠡᠨ ᠢᠷᠡᠬᠡᠰᠡᠢ ᠭᠡᠵᠤ ᠬᠦᠰᠡᠨ ᠬᠦᠯᠢᠶᠡᠵᠤ᠂ ᠸᠠᠩ ᠶᠠᠨ ᠢ ᠢᠷᠡᠵᠦ ᠳᠡᠶᠢᠯᠬᠦ ᠦᠭᠡᠢ ᠦᠶ᠎ᠡ ᠳᠤ | ︽ᠭᠠᠷᠠᠭ ᠤᠨ ᠰᠡᠭᠦᠯᠴᠢ ᠶᠢᠨ ᠡᠵᠢ︾ ᠲᠠᠢ ᠪᠠᠨ ᠸᠢᠳᠢᠤ᠋ ᠪᠠᠷ ᠵᠤᠭᠤᠬᠳᠠᠳᠠᠭ ᠪᠤᠯᠬᠤᠷ ᠦᠬᠢᠨ ᠮᠢᠨᠢ ᠢᠳᠡᠭ | ᠢᠳᠡᠭ ᠢᠶᠠᠷ ᠪᠡᠶ᠎ᠡ ᠳᠤ ᠪᠠᠨ ᠢᠳᠡᠬᠡᠯ ᠲᠠᠢ᠂ ᠴᠤᠪᠤᠭᠤ ᠲᠡᠭᠵᠢᠨ ᠪᠤᠯᠵᠠᠢ︾ ᠭᠡᠵᠤ ᠶᠠᠷᠢᠵᠢ ᠪᠢᠯᠨ᠃ | ᠤᠷᠠᠳ ᠤᠨ ᠬᠤᠶᠢᠲᠤ ᠬᠤᠰᠢᠭᠤᠨ ᠳᠤ᠂ ᠸᠠᠩ ᠶᠠᠨ ᠪᠣᠯᠣᠨ ᠶᠣᠣ ᠶᠣᠣ ᠮᠡᠲᠦ ᠶᠢᠨ ᠬᠤᠯᠪᠤᠭ᠎ᠠ | ᠪᠠᠷᠢᠯᠳᠤᠬᠰᠠᠨ ᠭᠡᠷ ᠪᠦᠯᠢ 147 ᠪᠠᠶᠢᠵᠤ᠂ ᠡᠭᠦᠨ ᠳᠤ ᠬᠢᠲᠠᠳ ᠦᠨᠳᠦᠰᠦᠲᠡᠨ᠂ ᠮᠣᠩᠭᠤᠯ ᠦᠨᠳᠦᠰᠦᠲᠡᠨ᠂ | ᠬᠤᠲᠣᠩ ᠦᠨᠳᠦᠰᠦᠲᠡᠨ ᠬᠤᠭᠤᠷᠤᠨᠳᠤ ᠪᠠᠨ ᠬᠤᠯᠪᠤᠭ᠎ᠠ ᠪᠠᠷᠢᠯᠳᠤᠬᠰᠠᠨ ᠭᠡᠷ ᠪᠦᠯᠢ 75 ᠬᠤᠣᠰ ᠪᠠᠶᠢᠳᠠᠭ᠃ | ᠤᠷᠠᠳ ᠤᠨ ᠬᠤᠶᠢᠲᠤ ᠬᠤᠰᠢᠭᠤᠨ ᠤ ᠨᠤᠲᠤᠭ ᠳᠡᠪᠢᠰᠬᠡᠷ ᠥᠷᠭᠡᠨ ᠠᠭᠤᠳᠠᠮ᠂ 2.1 ᠲᠦᠮᠡᠨ ᠲᠡᠭᠰᠢ | ᠳᠥᠷᠪᠡᠯᠵᠢᠨ ᠺᠢᠯᠣᠮᠧᠳ᠋ᠷ ᠠᠭᠤᠯᠠᠨ ᠤ ᠠᠷᠤ ᠶᠢᠨ ᠮᠠᠯᠵᠢᠬᠤ ᠣᠷᠣᠨ ᠳᠤ ᠰᠤᠷᠭᠠᠭᠤᠯᠢ ᠶᠢᠨ ᠨᠠᠰᠤᠨ ᠤ ᠬᠡᠦᠬᠡᠳ | 1400 ᠭᠠᠷᠤᠢ ᠪᠠᠶᠢᠨ᠎ᠠ᠃ ᠬᠢᠯᠢ ᠬᠢᠵᠠᠭᠠᠷ ᠣᠷᠣᠨ ᠤ ᠬᠡᠦᠬᠡᠳ ᠭᠡᠷ ᠠᠴᠠ ᠪᠠᠨ ᠰᠤᠷᠭᠠᠭᠤᠯᠢ ᠬᠦᠷᠲᠡᠯ᠎ᠡ | ᠬᠠᠮᠤᠭ ᠤᠨ ᠬᠤᠯᠠ ᠳᠤ ᠪᠠᠨ 260 ᠭᠠᠷᠤᠢ ᠺᠢᠯᠣᠮᠧᠳ᠋ᠷ ᠵᠠᠮᠨᠠᠳᠠᠭ ᠪᠤᠯᠬᠤᠷ ᠤᠯᠠᠩᠭᠢ ᠬᠡᠦᠬᠡᠳ ᠭᠠᠷᠠᠭ ᠤᠨ | ᠰᠡᠬᠦᠯ ᠳᠤ ᠭᠡᠷ ᠲᠤ ᠪᠠᠨ ᠬᠠᠷᠢᠵᠤ ᠳᠡᠶᠢᠯᠬᠦ ᠦᠭᠡᠢ ᠪᠠᠶᠢᠳᠠᠭ᠃ ᠡᠶᠢᠮᠤ ᠨᠦᠬᠦᠴᠡᠯ ᠪᠠᠶᠢᠳᠠᠯ ᠲᠤᠤᠷ᠎ᠠ ᠬᠡᠦᠬᠡᠳ ᠲᠤ | ᠭᠠᠷᠠᠭ ᠤᠨ ᠰᠡᠭᠦᠯᠴᠢ ᠶᠢᠨ ᠣᠷᠣᠨ ᠰᠠᠭᠤᠴᠠ ᠪᠠ ᠭᠡᠷ ᠪᠦᠯᠢ ᠶᠢᠨ ᠬᠠᠯᠠᠭᠤᠨ ᠳᠤᠯᠠᠭᠠᠨ ᠢ ᠣᠯᠭᠤᠬᠤ ᠶᠢᠨ | ᠲᠥᠯᠥᠭᠡ ︽ᠭᠠᠷᠠᠭ ᠤᠨ ᠰᠡᠭᠦᠯᠴᠢ ᠤᠨ ᠡᠵᠢ᠂ ᠭᠠᠷᠠᠭ ᠤᠨ ᠰᠡᠬᠦᠯᠴᠢ ᠶᠢᠨ ᠡᠯᠢᠬᠡᠰᠡᠭ ᠬᠡᠷ ᠪᠦᠯᠢ ᠨᠠᠬᠢᠶ᠎ᠠ | ᠪᠦᠪᠠᠢ ᠶᠢ ᠬᠠᠯᠠᠮᠵᠢᠯᠠᠬᠤ︾ ᠠᠵᠢᠯᠯᠠᠭ᠎ᠠ ᠡᠬᠢᠯᠡᠭᠰᠡᠨ ᠶᠤᠮ᠃ ᠸᠠᠩ ᠶᠠᠨ᠄ ︽ᠬᠡᠦᠬᠡᠳ ᠤᠳ ᠬᠦᠮᠦᠨ ᠬᠠᠷ᠎ᠠ ᠲᠠᠢ | ᠬᠠᠪᠢᠳᠠᠬᠤ ᠲᠤᠷ᠎ᠠ ᠦᠬᠡᠢ᠂ ᠪᠦᠷᠦᠭ ᠢᠴᠢᠮᠡᠳᠡᠬᠡᠢ ᠪᠠᠶᠢᠬᠰᠠᠨ ᠠᠴᠠ ᠢᠳᠡᠭ ᠢᠳᠡᠭ ᠢᠶᠠᠷ ᠴᠤᠪᠤᠭᠤ ᠬᠦᠬᠡᠷᠤᠬᠦᠨ | ᠪᠤᠯᠤᠬᠰᠠᠨ ᠢ ᠦᠵᠡᠭᠡᠳ᠂ ᠠᠮᠵᠢᠯᠲᠠ ᠲᠦᠬᠦᠷᠡᠩ ᠰᠠᠨᠠᠬᠳᠠᠬᠤ ᠶᠤᠮ᠃ ︿ᠭᠠᠷᠠᠭ ᠤᠨ ᠰᠡᠭᠦᠯᠴᠢ ᠶᠢᠨ ᠡᠵᠢ﹀ ᠨᠠᠷ | ᠨᠠᠰᠤ ᠵᠢᠯ᠂ ᠠᠵᠢᠯ ᠲᠥᠷᠥᠯ ᠤᠨ ᠢᠯᠭᠠᠯ ᠦᠭᠡᠢ᠂ ᠵᠢᠵᠢᠭ ᠰᠠᠵᠢᠭ ᠶᠠᠪᠤᠳᠠᠯ ᠠᠴᠠ ᠡᠬᠢᠯᠡᠨ ᠬᠢᠵᠦ᠂ ᠬᠡᠤᠬᠡᠳ | ᠪᠤᠯᠭᠠᠨ ᠳᠤ ᠠᠳᠠᠯᠢᠬᠠᠨ ᠬᠠᠨᠳᠤᠳᠠᠭ︾ ᠭᠡᠵᠤ ᠰᠤᠷᠪᠤᠯᠵᠢᠯᠠᠬᠴᠢ ᠳᠤ ᠶᠠᠷᠢᠪᠠ᠃ | ᠸᠠᠩ ᠶᠠᠨ ᠶᠢᠰᠦᠨ ᠵᠢᠯ ᠭᠠᠷᠤᠢ ᠶᠢᠨ ᠬᠤᠭᠤᠴᠠᠭᠠᠨ ᠳᠤ ᠡᠮᠡᠭᠲᠡᠶᠢᠴᠦᠳ ᠬᠡᠦᠬᠡᠳ ᠢ ᠬᠠᠯᠠᠮᠵᠢᠯᠠᠨ | ᠬᠠᠶᠢᠷᠠᠯᠠᠬᠤ ᠪᠠ ᠬᠠᠮᠠᠭᠠᠯᠠᠬᠤ ᠵᠡᠷᠭᠡ ᠡᠯ᠎ᠡ ᠲᠦᠷᠦᠯ ᠤᠨ ᠠᠵᠢᠯ ᠳᠤ ᠪᠦᠬᠦ ᠰᠡᠳᠬᠢᠯ ᠪᠦᠬᠦ ᠵᠤᠷᠢᠭ ᠢᠶᠠᠷ ᠣᠷᠣᠯᠴᠠᠵᠤ᠂ | ᠠᠵᠢᠯ ᠢᠶᠠᠨ ᠨᠡᠩ ᠰᠠᠶᠢᠨ ᠥᠷᠨᠢᠭᠦᠯᠬᠦ ᠶᠢᠨ ᠲᠥᠯᠥᠭᠡ ᠪᠦᠬᠦ ᠬᠤᠰᠢᠭᠤᠨ ᠤ 50 ᠭᠠᠴᠠᠭ᠎ᠠ ᠲᠣᠰᠬᠤᠨ ᠳᠤ | ᠲᠤᠭᠤᠷᠢᠨ ᠪᠠᠶᠢᠴᠠᠭᠠᠬᠤ ᠳᠤ ᠪᠠᠨ 30 ᠲᠡᠮᠳᠡᠭᠯᠡᠯ ᠬᠢᠭᠰᠡᠨ ᠶᠤᠮ᠃ ᠮᠠᠯᠵᠢᠬᠤ ᠲᠠᠷᠢᠶᠠᠯᠠᠬᠤ ᠣᠷᠣᠨ ᠤ | ᠡᠮᠡᠭᠲᠡᠶᠢᠴᠦᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ | ᠲᠥᠯᠥᠭᠡ ᠲᠡᠷᠡ 120 ᠭᠠᠷᠤᠢ ᠬᠤᠭᠤᠴᠠᠭᠠᠨ ᠤ ᠪᠣᠯᠪᠠᠰᠤᠷᠠᠯ ᠤᠨ ᠠᠩᠭᠢ ᠪᠠᠨ ᠮᠠᠯᠵᠢᠬᠤ ᠲᠠᠷᠢᠶᠠᠯᠠᠬᠤ ᠣᠷᠣᠨ ᠳᠤ | ᠡᠷᠬᠢᠯᠡᠵᠦ᠂ ᠪᠣᠳᠠᠲᠤ ᠬᠡᠷᠡᠭᠯᠡᠭᠡᠨ ᠤ ᠮᠡᠷᠭᠡᠵᠢᠯ ᠢ ᠨᠢᠭᠤᠷᠳᠠᠨ ᠵᠢᠭᠠᠵᠤ᠂ 4800 ᠭᠠᠷᠤᠢ ᠡᠮᠡᠭᠲᠡᠶᠢᠴᠦᠳᠢ | ᠪᠣᠯᠪᠠᠰᠤᠷᠠᠭᠤᠯᠵᠠᠢ᠃ ︽ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾ ᠶᠢᠨ ᠮᠡᠳᠡᠯᠭᠡᠶᠢ ᠲᠦᠭᠡᠮᠡᠯᠵᠢᠭᠦᠯᠵᠦ᠂ | ᠥᠮᠡᠨ ᠡᠪᠡᠳᠴᠢᠨ ᠳᠤ ᠨᠡᠷᠪᠡᠭᠳᠡᠭᠰᠡᠨ ᠬᠤᠶᠠᠷ ᠡᠵᠢ ᠶᠢ ᠬᠠᠯᠠᠮᠵᠢᠯᠠᠨ᠂ ᠭᠡᠷ ᠲᠤ ᠪᠠᠨ ᠬᠤᠴᠣᠷᠤᠭᠰᠠᠨ ᠪᠠ | ᠥᠨᠥᠴᠢᠨ ᠥᠷᠥᠭᠡᠰᠦᠨ ᠭᠡᠷ ᠪᠦᠯᠢ ᠶᠢᠨ ᠬᠡᠦᠬᠡᠳ ᠢ ᠬᠠᠯᠠᠮᠵᠢᠯᠠᠪᠠ᠃ ᠠᠷᠠᠳ ᠤᠨ ᠠᠮᠢᠳᠤᠷᠠᠯ ᠳᠤ | ᠬᠤᠯᠪᠣᠭᠳᠠᠭᠰᠠᠨ ᠡᠳᠡᠬᠡᠷ ᠵᠢᠵᠢᠭ ᠰᠠᠵᠢᠭ ᠶᠠᠪᠤᠳᠠᠯ ᠤᠳ ᠠᠴᠠ ᠪᠢᠳᠡ ᠸᠠᠩ ᠶᠠᠨ ᠤ ᠠᠷᠠᠳ ᠤᠨ ᠲᠥᠯᠥᠭᠡ | ᠪᠣᠳᠠᠲᠠᠢ ᠠᠵᠢᠯ ᠬᠢᠬᠦ ᠴᠢᠩ ᠦᠨᠡᠨᠴᠢ ᠰᠡᠳᠬᠢᠯ ᠢ ᠤᠯᠵᠤ ᠬᠠᠷᠠᠬᠤ ᠲᠡᠳᠤᠢ ᠦᠬᠡᠢ ᠲᠡᠬᠦᠨ ᠤ ᠣᠯᠠᠨ ᠲᠦᠮᠡᠨ ᠳᠤ | ᠡᠷᠬᠦᠭᠰᠡᠨ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠬᠠᠷᠢᠭᠤᠴᠠᠯᠭ᠎ᠠ ᠡᠭᠦᠷᠭᠡᠯᠡᠯ ᠤᠨ ᠬᠢ ᠨᠢ ᠪᠤᠳᠠᠳᠤ ᠢᠯᠡᠷᠡᠯ | ᠶᠤᠮ᠃ | ᠲᠡᠷᠡ ᠪᠠᠷ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠪᠠᠶᠠᠨᠨᠠᠭᠤᠷ ᠬᠤᠳᠠ ᠶᠢᠨ ᠬᠥᠬᠢᠭᠦᠯᠦᠯ ᠢ | ᠣᠯᠠᠨᠲᠠ ᠬᠦᠷᠳᠡᠭᠰᠡᠨ ᠪᠦᠬᠡᠳ ᠲᠦᠷᠤᠬᠦᠬᠡᠨ ᠪᠠᠰᠨ ᠪᠦᠬᠦ ᠤᠯᠤᠰ ᠤᠨ ︽ᠬᠠᠮᠤᠭ ᠤᠨ ᠰᠤᠳᠤᠨ ᠠᠯᠪᠠᠳᠠᠨ︾ ᠤ | ᠴᠣᠯᠠ ᠶᠢ ᠬᠦᠷᠲᠡᠵᠡᠢ᠃ ᠲᠡᠷᠨ᠄ ︽ᠪᠢ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠶᠢ ᠡᠪᠦᠷᠯᠡᠵᠦ᠂ | ᠦᠨᠳᠦᠰᠦᠨ ᠱᠠᠲᠤᠨ ᠳᠤ ᠦᠨᠳᠤᠰᠤ ᠬᠠᠳᠬᠤᠵᠤ᠂ ᠡᠮᠡᠭᠲᠡᠶᠢᠴᠦᠳ ᠬᠡᠦᠬᠡᠳ ᠢ ᠬᠠᠯᠠᠮᠵᠢᠯᠠᠨ ᠬᠠᠶᠢᠷᠠᠯᠠᠬᠤ ᠪᠠ | ᠬᠠᠮᠠᠭᠠᠯᠠᠬᠤ ᠵᠡᠷᠭᠡ ᠡᠯ᠎ᠡ ᠵᠦᠢᠯ ᠤᠨ ᠠᠵᠢᠯ ᠢ ᠴᠢᠷᠮᠠᠶᠢᠨ ᠠᠬᠢᠭᠤᠯᠤᠨ᠎ᠠ︾ ᠭᠡᠵᠤ ᠬᠡᠯᠡᠵᠢ ᠪᠢᠯᠨ᠃ | ᠵᠤᠬᠢᠶᠠᠭᠴᠢ ᠶᠢᠨ ᠬᠠᠶ᠋ᠢᠭ᠄ ᠪᠠᠶᠠᠨᠨᠠᠭᠤᠷ ᠤᠨ ᠷᠠᠳᠢᠣ᠋ ᠲᠧᠯᠸᠢᠰ ᠬᠤᠷᠢᠶ᠎ᠠ | |