︽ᠡᠨᠡ ᠠᠷᠪᠠᠨ ᠵᠢᠯ ᠢ ᠲᠤᠭᠠᠴᠢᠬᠤᠢ︾ ᠭᠤᠤᠯ ᠰᠡᠳᠦᠪᠲᠦ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2023/3/30
      9 ᠰᠠᠷ᠎ᠠ ᠶᠢᠨ 13 ᠤ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽ᠡᠨᠡ ᠠᠷᠪᠠᠨ ᠵᠢᠯ ᠢ ᠲᠤᠭᠠᠴᠢᠬᠤᠢ︾ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠫᠠᠨ ᡁᠢ ᠹᠧᠩ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠸᠠᠩ ᠴᠤᠸᠠᠨ ᠵᠢᠩ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃       ᠠᠷᠠᠳ ᠤᠨ ᠰᠦᠯᠵᠢᠶ᠎ᠡ ᠶᠢᠨ ᠰᠤᠷᠪᠤᠯᠵᠢᠯᠠᠭᠴᠢ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠵᠤ ᠦᠶ᠋ᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠣᠭᠤᠷᠢᠨ ᠳᠤ ᠠᠯᠢ ᠣᠯᠠᠨ ᠪᠠᠶᠢᠷᠢᠯᠠᠭᠤᠯᠤᠯᠲᠠ ᠬᠢᠵᠦ᠂ ᠠᠯᠢ ᠣᠯᠠᠨ ᠲᠥᠷᠥ ᠶᠢᠨ ᠪᠣᠳᠣᠯᠭ᠎ᠠ ᠨᠡᠶᠢᠲᠡᠯᠡᠵᠦ᠂ ᠮᠠᠨ ᠤ ᠣᠷᠣᠨ ᠤ ᠠᠵᠤ ᠦᠶ᠋ᠯᠡᠳᠪᠦᠷᠢ ᠶᠢᠨ ᠠᠵᠤ ᠠᠬᠤᠶ ᠲᠣᠭᠲᠠᠭᠤᠨ ᠨᠡᠮᠡᠭᠳᠡᠯ ᠢᠶᠠᠨ ᠪᠠᠲᠤᠯᠠᠪᠠ᠂ ᠡᠨᠡ ᠬᠡᠳᠦᠨ ᠵᠢᠯ ᠳᠤ ᠮᠠᠨ ᠤ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠬᠢᠯᠠᠰ ᠴᠡᠭ ᠨᠢ ᠶᠠᠭᠤ ᠪᠣᠶ︖       ᠫᠠᠨ ᡁᠢ ᠹᠧᠩ᠄ ᠲᠠᠨ ᠤ ᠪᠦᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠳᠤ ᠠᠩᠬᠠᠷᠤᠯ ᠲᠠᠯᠪᠢᠵᠤ ᠪᠠᠶᠢᠭ᠎ᠠ ᠳᠤ ᠲᠠᠯᠠᠷᠬᠠᠵᠤ ᠪᠠᠶᠢᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠤᠳᠤᠷᠢᠳᠤᠯᠭ᠎ᠠ ᠳᠤᠤᠷ᠎ᠠ᠂ ᠣᠷᠣᠨ ᠳᠠᠶᠠᠭᠠᠷ ᠢᠶᠠᠨ ᠬᠠᠩᠭᠠᠯᠭ᠎ᠠ‌‍ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠬᠤ ᠪᠠᠷ ᠭᠤᠤᠯ ᠰᠢᠵᠢᠮ ᠪᠣᠯᠭᠠᠵᠤ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠠ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠪᠥᠬᠦ ᠲᠠᠯ᠎ᠠ ᠪᠠᠷ ᠠᠬᠢᠭᠤᠯᠵᠤ᠂ ᠪᠥᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠠᠯᠬᠤᠴᠠ ᠦᠷᠭᠦᠯᠵᠢᠯᠡᠨ ᠲᠦᠷᠭᠡᠳᠪᠡ᠃       ᠨᠢᠭᠡ ᠳᠤ᠂ ᠬᠡᠪᠴᠢᠶ᠎ᠡ ᠦᠷ᠎ᠡ ᠠᠰᠢᠭ ᠢ ᠵᠡᠷᠭᠡᠪᠡᠷ ᠳᠡᠭᠡᠭᠰᠢᠯᠡᠭᠦᠯᠪᠡ᠃ ᠠᠷᠪᠠᠨ ᠵᠢᠯ ᠤᠨ ᠲᠤᠷᠰᠢ᠂ ᠪᠥᠬᠦ ᠣᠷᠣᠨ ᠳᠠᠶᠠᠭᠠᠷ ᠶᠡᠷᠦᠩᠬᠡᠶ ᠬᠡᠮᠵᠢᠶ᠎ᠡ ᠶᠢ ᠥᠷᠭᠡᠳᠬᠡᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠶᠡᠷᠦᠩᠬᠡᠶ ᠬᠡᠮᠵᠢᠶ᠎ᠡ ᠳᠠᠬᠢᠨ ᠢᠶᠠᠷ ᠨᠡᠮᠡᠭᠳᠡᠵᠦ᠂ ᠵᠢᠯ ᠪᠦᠷᠢ ᠳᠤᠮᠳᠠᠴᠢ ᠪᠠᠷ 6.7 % ᠪᠠᠷ ᠨᠡᠮᠡᠭᠳᠡᠵᠦ᠂ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠤᠨ ᠬᠤᠷᠳᠤᠴᠠ ᠠᠴᠠ ᠲᠦᠷᠭᠡᠨ ᠪᠣᠯᠵᠣ᠂ ᠪᠥᠬᠦ ᠣᠷᠣᠨ ᠤ ᠠᠵᠤ ᠠᠬᠤᠶ ᠶᠢᠨ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠢ ᠪᠣᠶ ᠪᠣᠯᠭᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠵᠢᠯ ᠪᠦᠷᠢ ᠳᠤᠮᠳᠠᠴᠢ ᠪᠠᠷ 10.7 % ᠨᠡᠮᠡᠭᠳᠡᠵᠦ᠂ ᠠᠰᠢᠭ ᠤᠷᠤᠯᠭ᠎ᠠ ᠵᠢᠯ ᠪᠦᠷᠢ ᠳᠤᠮᠳᠠᠴᠢ ᠪᠠᠷ 18.1 % ᠨᠡᠮᠡᠭᠳᠡᠵᠦ᠂ ᠠᠵᠤ ᠠᠬᠤᠶᠢᠯᠠᠯ ᠤᠨ ᠠᠰᠢᠭ ᠤᠷᠤᠯᠭ᠎ᠠ ᠣᠯᠬᠤ ᠴᠢᠳᠠᠪᠤᠷᠢ ᠢᠯᠡᠳᠲᠡ ᠴᠢᠩᠭᠠᠷᠠᠪᠠ᠃       ᠬᠤᠶᠠᠷ ᠲᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠲᠦᠷᠭᠡᠳᠪᠡ᠃ ᠣᠶᠢᠷ᠎ᠠ ᠶᠢᠨ ᠵᠢᠯ ᠤᠨ ᠲᠤᠷᠰᠢ᠂ ᠪᠦᠬᠦ ᠣᠷᠣᠨ ᠢᠶᠠᠷ ᠢᠶᠠᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠤᠶ ᠪᠣᠯᠤᠭᠰᠠᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠪᠦᠬᠦ ᠤᠯᠤᠰ ᠤᠨ ᠬᠠᠮᠤᠭ ᠤᠨ ᠶᠡᠭᠡ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠦᠢᠯᠡᠳᠪᠦᠷᠢᠯᠡᠬᠦ ᠰᠠᠭᠤᠷᠢᠨ ᠭᠠᠵᠠᠷ ᠪᠣᠯᠤᠨ ᠨᠡᠷᠡᠨ ᠤ ᠡᠨᠧᠷᠭᠢ ᠳᠤ ᠬᠡᠷᠡᠭᠯᠡᠬᠦ ᠲᠠᠯᠠᠰᠲᠤ ᠴᠠᠬᠢᠭᠤᠷ ᠮᠠᠲ᠋ᠧᠷᠢᠶᠠᠯ ᠦᠢᠯᠡᠳᠪᠦᠷᠢᠯᠡᠬᠦ ᠰᠠᠭᠤᠷᠢᠨ ᠭᠠᠵᠠᠷ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠦᠷ᠎ᠡ ᠪᠦᠲᠦᠮᠵᠢᠲᠡᠶ ᠠᠰᠢᠭᠯᠠᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠪᠠ᠃ ᠨᠡᠭᠦᠷᠡᠰᠦ ᠪᠣᠯᠪᠠᠰᠤᠷᠠᠭᠤᠯᠬᠤ ᠳᠤ ᠭᠤᠣᠯᠳᠠᠭᠤ ᠬᠡᠦᠷᠡᠰᠦ ᠪᠣᠯᠪᠠᠰᠤᠷᠠᠭᠤᠯᠵᠤ ᠪᠠᠶᠢᠭᠰᠠᠨ ᠠᠴᠠ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠲᠡᠰᠢ ᠬᠤᠪᠢᠷᠠᠵᠤ᠂ ᠨᠡᠭᠦᠷᠡᠰᠦ ᠪᠠᠷ ᠲᠣᠰᠣ ᠬᠢᠬᠦ᠂ ᠨᠡᠭᠦᠷᠡᠰᠦ ᠪᠠᠷ ᠬᠡᠢ ᠬᠢᠬᠦ᠂ ᠨᠡᠭᠦᠷᠡᠰᠦ ᠪᠠᠷ ᠡᠲ᠋ᠠ ᠬᠤᠶᠠᠷᠴᠢ ᠠᠯᠺᠣᠣᠯ ᠬᠢᠬᠦ ᠪᠠ ᠨᠡᠭᠦᠷᠡᠰᠦ ᠪᠠᠷ ᠠᠯᠺᠧᠨ ᠬᠢᠬᠦ ᠵᠡᠷᠭᠡ ᠭᠤᠣᠯ ᠪᠣᠯᠭᠠᠭᠰᠠᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠢᠰᠲ᠋ᠧᠮᠵᠢ ᠶᠢ ᠪᠣᠶ ᠪᠣᠯᠭᠠᠵᠤ᠂ ᠨᠡᠭᠦᠷᠡᠰᠦ ᠪᠠᠷ ᠠᠯᠺᠧᠨ ᠬᠢᠬᠦ ᠦᠢᠯᠡᠳᠪᠦᠷᠢᠯᠡᠯ ᠤᠨ ᠴᠢᠳᠠᠪᠤᠷᠢ ᠵᠢᠯ ᠳᠤ 300 ᠲᠦᠮᠡᠨ ᠲᠣᠨ ᠢ ᠳᠠᠪᠠᠵᠤ᠂ ᠪᠦᠬᠦ ᠤᠯᠤᠰ ᠤᠨ ᠨᠢᠭᠡᠳᠦᠭᠡᠷ ᠲᠤ ᠣᠷᠣᠪᠠ᠃ 2021 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ ᠪᠠᠨ 20.2 % ᠢᠶᠠᠷ ᠨᠡᠮᠡᠭᠳᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ ᠪᠠᠨ 10.4 % ᠪᠠᠷ ᠨᠡᠮᠡᠭᠳᠡᠵᠦ᠂ ᠲᠣᠰ ᠲᠣᠰ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠴᠠ 14.2 ᠪᠠ 4.4 ᠵᠠᠭᠤᠨ ᠤ ᠬᠤᠪᠢ ᠶᠢᠨ ᠴᠡᠭ ᠲᠦᠷᠭᠡᠨ ᠪᠣᠯᠵᠣ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠭᠤᠤᠯᠳᠠᠯᠭ᠎ᠠ ᠲᠠᠢ ᠬᠦᠷᠢᠶ᠎ᠡ ᠶᠢ ᠲᠦᠷᠭᠡᠳᠬᠡᠨ ᠪᠤᠶᠢᠵᠢᠭᠤᠯᠪᠠ᠃       ᠭᠤᠷᠪᠠ ᠳᠤ᠂ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠬᠦᠯᠪᠡ᠃ ᠠᠷᠪᠠᠨ ᠵᠢᠯ ᠤᠨ ᠲᠤᠷᠰᠢ᠂ ᠪᠦᠬᠦ ᠣᠷᠣᠨ ᠳᠠᠶᠠᠭᠠᠷ ᠰᠢᠯᠢᠳᠡᠭ ᠢ ᠪᠤᠶᠢᠵᠢᠭᠤᠯᠵᠤ ᠦᠷ᠎ᠡ ᠠᠰᠢᠭ ᠢ ᠨᠡᠮᠡᠭᠳᠡᠭᠦᠯᠬᠦ ᠲᠣᠭᠤᠷᠢᠨ ᠳᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢ ᠬᠦᠴᠦᠯᠡᠨ ᠲᠣᠭᠲᠠᠪᠤᠷᠢᠵᠢᠭᠤᠯᠤᠨ ᠥᠷᠭᠡᠳᠬᠡᠪᠡ᠃ 2021 ᠣᠨ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 21.1% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ 40% ᠶᠢ ᠡᠵᠡᠯᠡᠪᠡ᠃ ᠲᠡᠷᠢᠭᠦᠨ ᠤ ᠦᠢᠯᠡᠳᠪᠦᠷᠢᠯᠡᠯ ᠤᠨ ᠬᠦᠴᠦᠨ ᠢ ᠲᠥᠯᠥᠭᠡᠯᠡᠭᠰᠡᠨ ᠲᠣᠨᠣᠭᠯᠠᠯ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 41.5% ᠪᠠᠷ ᠨᠡᠮᠡᠭᠳᠡᠵᠦ᠂ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 20.4 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠡᠭᠦᠨ ᠤ ᠬᠠᠮᠲᠤ᠂ ᠤᠯᠤᠰ ᠤᠨ ᠰᠢᠨ᠎ᠡ ᠡᠨᠧᠷᠭᠢ ᠶᠢ ᠶᠡᠭᠡ ᠪᠠᠷ ᠬᠥᠭᠵᠢᠭᠦᠯᠬᠦ ᠴᠢᠬᠤᠯᠠ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠬᠤᠷᠳᠤᠴᠠ ᠶᠢ ᠲᠦᠷᠭᠡᠳᠬᠡᠨ ᠦᠷ᠎ᠡ ᠠᠰᠢᠭ ᠢ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠠᠬᠢᠭᠤᠯᠵᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 30.3% ᠪᠠᠷ ᠨᠡᠮᠡᠭᠳᠡᠪᠡ᠃       ᠵᠥᠩ ᠬᠤᠩ ᠰᠦᠯᠵᠢᠶ᠎ᠡ ᠶᠢᠨ ᠰᠤᠷᠪᠤᠯᠵᠢᠯᠠᠭᠴᠢ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠣᠷᠣᠨ ᠤ ᠰᠢᠨ᠎ᠡ ᠡᠨᠧᠷᠭᠢ ᠶᠢᠨ ᠬᠥᠭᠵᠢᠯᠲᠡ ᠮᠠᠰᠢ ᠲᠦᠷᠭᠡᠨ ᠪᠠᠶᠢᠵᠤ᠂ ᠢᠯᠠᠩᠭᠤᠶ᠎ᠠ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠬᠤᠷᠠᠯᠳᠤᠭᠤᠯᠤᠭᠰᠠᠨ ︽ᠳᠤᠮᠳᠠᠳᠤ ᠤᠯᠤᠰ ᠤᠨ ᠡᠨᠡ ᠠᠷᠪᠠᠨ ᠵᠢᠯ ᠥᠪᠥᠷ ᠮᠣᠩᠭᠤᠯ︾ ᠭᠡᠬᠦ ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠰᠦᠨ ᠱᠤᠤ ᠴᠧᠩ ᠱᠦᠵᠢ ︽︿ᠬᠤᠤᠰ ᠨᠡᠭᠦᠷᠡᠰᠦᠲᠥ᠋ᠷᠥᠭᠴᠢ﹀ ᠶᠢᠨ ᠠᠬᠤᠶ ᠪᠠᠶᠢᠳᠠᠯ ᠳᠤᠤᠷ᠎ᠠ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠵᠡᠷᠭᠡ ᠰᠢᠨ᠎ᠡ ᠡᠨᠧᠷᠭᠢ ᠶᠢ ᠬᠥᠭᠵᠢᠭᠦᠯᠬᠦ ᠪᠣᠯ ᠵᠠᠶᠢᠯᠠᠰᠢ ᠥᠬᠡᠶ ᠰᠣᠩᠭᠤᠯᠲᠠ ᠮᠥᠨ︾ ᠭᠡᠵᠦ ᠵᠢᠭᠠᠵᠤ ᠭᠠᠷᠭᠠᠪᠠ᠃ ᠮᠠᠨ ᠤ ᠣᠷᠣᠨ ᠤ ᠰᠢᠨ᠎ᠡ ᠡᠨᠧᠷᠭᠢ ᠶᠢᠨ ᠬᠥᠭᠵᠢᠯᠲᠡ ᠶᠠᠮᠠᠷ ᠶᠠᠮᠠᠷ ᠢᠳᠡᠪᠬᠢᠲᠡᠶ ᠬᠤᠪᠢᠷᠠᠯᠲᠠ ᠲᠠᠢ ᠪᠠᠶᠢᠬᠤ ᠶᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠠᠷ ᠲᠠᠨᠢᠯᠴᠠᠭᠤᠯᠵᠤ ᠪᠣᠯᠤᠨ᠎ᠠ ᠦᠦ︖       ᠸᠠᠩ ᠴᠤᠸᠠᠨ ᠵᠢᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠣᠯᠠᠨ ᠤ ᠮᠡᠳᠡᠭᠡᠵᠢ ᠪᠠᠷ᠂ ᠮᠠᠨ ᠤ ᠣᠷᠣᠨ ᠤ ᠰᠠᠯᠬᠢ ᠬᠡᠷᠡᠯ ᠤᠨ ᠡᠬᠢ ᠪᠠᠶᠠᠯᠢᠭ ᠮᠠᠰᠢ ᠡᠯᠪᠡᠭ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠯᠢ ᠣᠯᠠᠨ ᠳᠡᠮᠵᠢᠬᠦ ᠲᠥᠷᠥ ᠶᠢᠨ ᠪᠣᠳᠣᠯᠭ᠎ᠠ ᠨᠡᠶᠢᠲᠡᠯᠡᠵᠦ᠂ ᠰᠠᠯᠬᠢᠨ ᠤ ᠬᠦᠴᠦ᠂ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠬᠤ ᠪᠠᠷ ᠲᠥᠯᠥᠭᠡᠯᠡᠭᠦᠯᠦᠭᠰᠡᠨ ᠰᠢᠨ᠎ᠡ ᠡᠨᠧᠷᠭᠢ ᠶᠢᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠵᠤ᠂ ᠴᠠᠬᠢᠯᠭᠠᠨ ᠬᠦᠴᠦᠨ ᠤ ᠪᠦᠲᠦᠴᠡ ᠲᠠᠰᠤᠷᠠᠯᠲᠠ ᠥᠬᠡᠶ ᠰᠢᠯᠢᠳᠡᠭᠵᠢᠪᠡ᠃       ᠨᠢᠭᠡ ᠳᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠪᠠ ᠴᠠᠬᠢᠯᠭᠠᠨ ᠭᠠᠷᠭᠠᠬᠤ ᠬᠡᠮᠵᠢᠶ᠎ᠡ ᠪᠥᠬᠦ ᠤᠯᠤᠰ ᠤᠨ ᠡᠮᠦᠨ᠎ᠡ ᠡᠩᠨᠡᠭᠡᠨ ᠳᠤ ᠯᠠᠪᠳᠠᠭᠤᠨ ᠣᠷᠣᠪᠠ᠃ ᠠᠷᠪᠠᠨ ᠵᠢᠯ ᠤᠨ ᠲᠤᠷᠰᠢ᠂ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠲᠦᠷᠭᠡᠨ ᠢᠶᠠᠷ ᠨᠡᠮᠡᠭᠳᠡᠬᠦ ᠬᠠᠨᠳᠤᠰᠢ ᠪᠠᠨ ᠪᠠᠲᠤᠯᠠᠵᠤ᠂ ᠪᠥᠬᠦ ᠣᠷᠣᠨ ᠤ ᠭᠤᠷᠪᠠᠨ ᠤ ᠨᠢᠭᠡ ᠬᠤᠪᠢ ᠠᠴᠠ ᠳᠡᠭᠡᠭᠰᠢᠬᠢ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠪᠠ ᠲᠠᠪᠤᠨ ᠤ ᠨᠢᠭᠡ ᠬᠤᠪᠢ ᠣᠷᠴᠢᠮ ᠤᠨ ᠴᠠᠬᠢᠯᠭᠠᠨ ᠭᠠᠷᠭᠠᠬᠤ ᠬᠡᠮᠵᠢᠶ᠎ᠡ ᠰᠢᠨ᠎ᠡ ᠡᠨᠧᠷᠭᠢ ᠠᠴᠠ ᠢᠷᠡᠵᠦ᠂ ᠥᠪᠥᠷ ᠮᠣᠩᠭᠤᠯ ᠪᠥᠬᠦ ᠤᠯᠤᠰ ᠤᠨ ᠬᠠᠮᠤᠭ ᠤᠨ ᠶᠡᠭᠡ ᠰᠢᠨ᠎ᠡ ᠡᠨᠧᠷᠭᠢ ᠶᠢᠨ ᠠᠵᠤ ᠦᠢᠯᠡᠰ ᠤᠨ ᠰᠠᠭᠤᠷᠢᠨ ᠭᠠᠵᠠᠷ ᠪᠣᠯᠪᠠ᠃ ᠠᠷᠪᠠᠨ ᠵᠢᠯ ᠤᠨ ᠬᠤᠭᠤᠴᠠᠭᠠᠨ ᠳᠤ᠂ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ 73.3% ᠳᠤ ᠬᠦᠷᠴᠦ᠂ ᠪᠥᠬᠦ ᠣᠷᠣᠨ ᠤ ᠪᠥᠬᠦ ᠴᠠᠬᠢᠯᠭᠠᠨ ᠭᠠᠷᠭᠠᠬᠤ ᠬᠡᠮᠵᠢᠶ᠎ᠡ ᠶᠢᠨ ᠳᠣᠲᠣᠷ᠎ᠠ ᠡᠵᠡᠯᠡᠬᠦ ᠬᠤᠪᠢ ᠶᠢᠨ ᠵᠢᠩ ᠨᠢ 2012 ᠣᠨ ᠳᠤ 0.05% ᠪᠠᠶᠢᠭᠰᠠᠨ ᠠᠴᠠ ᠪᠠᠨ 2021 ᠣᠨ ᠳᠤ 3.5% ᠪᠣᠯᠤᠨ ᠳᠡᠭᠡᠭᠰᠢᠯᠡᠵᠦ᠂ ︽ᠥᠬᠡᠶ ᠪᠠᠶᠢᠭᠰᠠᠨ ᠠᠴᠠ ᠪᠠᠨ ᠪᠠᠶᠢᠬᠤ ᠪᠣᠯᠤᠭᠰᠠᠨ︾  ᠢ ᠪᠡᠶᠡᠯᠡᠭᠦᠯᠪᠡ︔ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠮᠵᠢᠶ᠎ᠡ ᠵᠢᠯ ᠪᠦᠷᠢ ᠳᠤᠮᠳᠠᠴᠢ ᠪᠠᠷ 14.5% ᠨᠡᠮᠡᠭᠳᠡᠵᠦ᠂ ᠪᠦᠬᠦ ᠣᠷᠣᠨ ᠤ ᠴᠠᠬᠢᠯᠭᠠᠨ ᠭᠠᠷᠭᠠᠬᠤ ᠪᠦᠬᠦ ᠬᠡᠮᠵᠢᠶ᠎ᠡ ᠳᠠᠬᠢ ᠡᠵᠡᠯᠡᠬᠦ ᠬᠤᠪᠢ ᠶᠢᠨ ᠵᠢᠩ 2012 ᠣᠨ ᠤ 9.2% ᠪᠠᠶᠢᠭᠰᠠᠨ ᠠᠴᠠ ᠪᠠᠨ 2021 ᠣᠨ ᠤ 15. 8% ᠪᠣᠯᠤᠨ ᠳᠡᠭᠡᠭᠰᠢᠯᠡᠵᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃       ᠬᠤᠶᠠᠷ ᠲᠤ᠂ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠦᠷᠭᠦᠯᠵᠢᠯᠡᠨ ᠨᠡᠮᠡᠭᠳᠡᠪᠡ᠃ ᠡᠬᠢ ᠪᠠᠶᠠᠯᠢᠭ ᠪᠠ ᠲᠥᠷᠥ ᠶᠢᠨ ᠪᠣᠳᠣᠯᠭ᠎ᠠ ᠶᠢᠨ ︽ᠬᠤᠶᠠᠷ ᠳᠠᠪᠠᠭᠤᠯᠢᠭ︾ ᠨᠢ ᠶᠡᠭᠡ ᠬᠡᠮᠵᠢᠶᠡᠨ ᠤ ᠰᠢᠨ᠎ᠡ ᠡᠨᠧᠷᠭᠢ ᠶᠢᠨ ᠠᠵᠤ ᠠᠬᠤᠶᠢᠯᠠᠯ ᠢ ᠲᠠᠲᠠᠵᠤ ᠮᠠᠨ ᠤ ᠣᠷᠣᠨ ᠳᠤ ᠢᠷᠡᠵᠦ ᠪᠠᠯᠠ ᠣᠷᠣᠭᠤᠯᠤᠨ ᠦᠢᠯᠡᠰ ᠪᠤᠰᠬᠠᠪᠠ᠃ 2021 ᠣᠨ ᠤ ᠡᠴᠦᠰ ᠲᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠠᠵᠤ ᠠᠬᠤᠶᠢᠯᠠᠯ 434 ᠡᠷᠦᠬᠡ ᠪᠣᠯᠪᠠ᠃ ᠡᠭᠦᠨ ᠳᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ 246 ᠡᠷᠦᠬᠡ᠂ ᠨᠡᠷᠡᠨ ᠡᠨᠧᠷᠭᠢ ᠶᠢᠨ ᠴᠠᠬᠢᠯᠭᠠᠨ ᠭᠠᠷᠭᠠᠬᠤ ᠠᠵᠤ ᠠᠬᠤᠶᠢᠯᠠᠯ 148 ᠡᠷᠦᠬᠡ᠂ ᠰᠠᠯᠬᠢ ᠭᠡᠷᠡᠯ ᠢ ᠨᠢᠭᠡ ᠴᠣᠭᠴᠠᠵᠢᠭᠤᠯᠤᠭᠰᠠᠨ ᠴᠠᠬᠢᠯᠭᠠᠨ ᠭᠠᠷᠭᠠᠬᠤ ᠠᠵᠤ ᠠᠬᠤᠶᠢᠯᠠᠯ 31 ᠡᠷᠦᠬᠡ ᠪᠠᠶᠢᠵᠤ᠂ ᠴᠥᠮ ᠲᠦᠷᠭᠡᠨ ᠨᠡᠮᠡᠭᠳᠡᠯ ᠢ ᠪᠠᠲᠤᠯᠠᠪᠠ᠃       ᠭᠤᠷᠪᠠ ᠳᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠥᠭᠡᠮᠨᠡᠷᠡᠯ ᠲᠠᠰᠤᠷᠠᠯᠲᠠ ᠥᠬᠡᠶ ᠪᠤᠵᠠᠭᠠᠶᠢᠷᠠᠪᠠ᠃ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠠᠴᠠ ᠠᠪᠴᠤ ᠦᠵᠡᠪᠡᠯ᠂ ᠰᠢᠯᠢ ᠶᠢᠨ ᠭᠤᠣᠯ ᠠᠶᠢᠮᠠᠭ ᠢᠶᠠᠷ ᠲᠥᠯᠥᠭᠡᠯᠡᠭᠦᠯᠦᠭᠰᠡᠨ ᠵᠡᠭᠦᠨ ᠬᠡᠰᠡᠭ ᠤᠨ 5 ᠠᠶᠢᠮᠠᠭ ᠬᠤᠲᠠ ᠶᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠮᠵᠢᠶ᠎ᠡ ᠨᠡᠯᠢᠶᠡᠳ ᠲᠦᠷᠭᠡᠨ ᠨᠡᠮᠡᠭᠳᠡᠵᠦ᠂ ᠠᠷᠪᠠᠨ ᠵᠢᠯ ᠤᠨ ᠳᠣᠲᠣᠷ᠎ᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠮᠵᠢᠶ᠎ᠡ 2.5 ᠳᠠᠬᠢᠨ ᠨᠡᠮᠡᠭᠳᠡᠵᠦ᠂ ᠪᠦᠬᠦ ᠣᠷᠣᠨ ᠤ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠮᠵᠢᠶ᠎ᠡ ᠶᠢᠨ ᠬᠠᠭᠠᠰ ᠠᠴᠠ ᠳᠡᠭᠡᠭᠰᠢᠬᠢ ᠶᠢ ᠡᠵᠡᠯᠡᠪᠡ᠃ ᠨᠡᠷᠡᠨ ᠡᠨᠧᠷᠭᠢ ᠪᠠᠷ ᠴᠠᠬᠢᠯᠭᠠᠨ ᠭᠠᠷᠭᠠᠭᠰᠠᠨ ᠠᠴᠠ ᠦᠵᠡᠪᠡᠯ᠂ ᠬᠥᠬᠡᠬᠤᠲᠠ ᠪᠤᠭᠤᠲᠤ ᠣᠷᠳᠣᠰ ᠭᠠᠵᠠᠷ ᠣᠷᠣᠨ ᠤ ᠨᠡᠷᠡᠨ ᠡᠨᠧᠷᠭᠢ ᠪᠠᠷ ᠴᠠᠬᠢᠯᠭᠠᠨ ᠭᠠᠷᠭᠠᠬᠤ ᠬᠡᠮᠵᠢᠶ᠎ᠡ ᠥᠬᠡᠶ ᠪᠠᠶᠢᠭᠰᠠᠨ ᠠᠴᠠ ᠪᠠᠨ ᠪᠠᠶᠢᠬᠤ ᠪᠣᠯᠵᠣ᠂ ᠲᠠᠰᠤᠷᠠᠯᠲᠠ ᠥᠬᠡᠶ ᠬᠥᠭᠵᠢᠨ ᠪᠤᠵᠠᠭᠠᠶᠢᠷᠠᠪᠠ᠃ 2021 ᠣᠨ ᠳᠤ᠂ ᠬᠥᠬᠡᠬᠤᠲᠠ ᠪᠤᠭᠤᠲᠤ ᠤᠷᠳᠤᠰ ᠣᠷᠣᠨ ᠤ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠬᠤ ᠬᠡᠮᠵᠢᠶ᠎ᠡ ᠪᠦᠬᠦ ᠣᠷᠣᠨ ᠤ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠬᠤ ᠬᠡᠮᠵᠢᠶᠡᠨ ᠤ ᠲᠦᠷᠪᠡᠨ ᠬᠤᠪᠢ ᠶᠢ ᠡᠵᠡᠯᠡᠪᠡ᠃       ᠲᠥᠪ ᠷᠠᠳᠢᠣ᠋ ᠶᠢᠨ ᠰᠦᠯᠵᠢᠶ᠎ᠡ ᠶᠢᠨ ᠰᠤᠷᠪᠤᠯᠵᠢᠯᠠᠭᠴᠢ᠄ ᠣᠯᠠᠨ ᠤ ᠮᠡᠳᠡᠭᠡᠵᠢ ᠪᠠᠷ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ︽ᠬᠤᠶᠠᠷ ᠰᠠᠭᠤᠷᠢᠨ ᠭᠠᠵᠠᠷ︾ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠶᠢ ᠲᠣᠭᠲᠠᠭᠠᠵᠤ ᠥᠭᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢ ᠢᠮᠠᠭᠲᠠ ᠠᠵᠢᠯ ᠤᠨ ᠭᠤᠤᠯᠳᠠᠯᠭ᠎ᠠ ᠪᠠᠨ ᠪᠣᠯᠭᠠᠬᠤ ᠶᠢᠨ ᠬᠠᠮᠲᠤ ᠦᠷᠭᠦᠯᠵᠢᠯᠡᠨ ᠠᠬᠢᠭᠤᠯᠪᠠ᠃ ᠮᠠᠨ ᠤ ᠣᠷᠣᠨ ᠠᠷᠪᠠᠨ ᠵᠢᠯ ᠤᠨ ᠲᠤᠷᠰᠢ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠳᠤᠮᠳᠠ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠢ ᠲᠠᠨᠢᠯᠴᠠᠭᠤᠯᠤᠭᠠᠳ ᠥᠭᠭᠦᠨ᠎ᠡ ᠦᠦ︖       ᠸᠠᠩ ᠴᠤᠸᠠᠨ ᠵᠢᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠥᠬᠦ ᠣᠷᠣᠨ ᠳᠠᠶᠠᠭᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠠᠵᠤ ᠠᠬᠤᠶ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠨ᠂ ︽ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠲᠦᠷᠭᠡᠨ ᠳᠠᠪᠰᠢᠯᠲᠠ ᠲᠠᠢ ᠪᠣᠯᠪᠠ᠃       ᠠᠮᠤ ᠪᠤᠳᠠᠭᠠᠨ ᠤ ᠦᠢᠯᠡᠳᠪᠦᠷᠢᠯᠡᠯ ᠠᠴᠠ ᠦᠵᠡᠪᠡᠯ᠂ ᠠᠮᠤ ᠪᠤᠳᠠᠭᠠᠨ ᠤ ᠦᠢᠯᠡᠳᠪᠦᠷᠢᠯᠡᠯ ᠠᠷᠪᠠᠨ ᠨᠠᠢᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ ᠲᠠᠷᠢᠶᠠᠯᠠᠩ ᠤᠨ ᠰᠠᠭᠤᠷᠢ ᠴᠢᠯᠠᠭᠤ ᠶᠢᠨ ᠦᠢᠯᠡᠳᠦᠯ ᠡᠳᠦᠷ ᠢᠷᠡᠬᠦᠶ᠎ᠡ ᠲᠣᠭᠲᠠᠪᠤᠷᠢᠵᠢᠪᠠ᠃ 2021 ᠣᠨ ᠳᠤ᠂ ᠪᠥᠬᠦ ᠣᠷᠣᠨ ᠤ ᠲᠠᠷᠢᠮᠠᠯ ᠤᠨ ᠶᠡᠷᠦᠩᠬᠡᠶ ᠲᠠᠯᠠᠪᠠᠶ 1.3 ᠳ᠋ᠦᠩᠰᠢᠭᠤᠷ ᠮᠥ ᠳᠤ ᠬᠦᠷᠴᠦ᠂ 2012 ᠣᠨ ᠤ ᠬᠢ ᠠᠴᠠ 14.0 % ᠢᠶᠠᠷ ᠨᠡᠮᠡᠭᠳᠡᠵᠦ᠂ ᠵᠢᠯ ᠳᠤᠮᠳᠠᠴᠢ ᠪᠠᠷ 1.5 % ᠪᠠᠷ ᠨᠡᠮᠡᠭᠳᠡᠪᠡ᠃ ᠡᠭᠦᠨ ᠳᠤ ᠠᠮᠤ ᠪᠤᠳᠠᠭ᠎ᠠ ᠲᠠᠷᠢᠬᠤ ᠲᠠᠯᠠᠪᠠᠢ 1.03 ᠳ᠋ᠦᠩᠰᠢᠭᠤᠷ ᠮᠦ ᠳᠤ ᠬᠦᠷᠴᠦ᠂ 2012 ᠣᠨ ᠬᠢ ᠠᠴᠠ 12.4 % ᠪᠠᠷ ᠨᠡᠮᠡᠭᠳᠡᠪᠡ᠃ 2021 ᠣᠨ ᠳᠤ᠂ ᠪᠥᠬᠦ ᠣᠷᠣᠨ ᠤ ᠠᠮᠤ ᠪᠤᠳᠠᠭᠠᠨ ᠤ ᠤᠨᠠᠯᠲᠠ 768.1 ᠳ᠋ᠦᠩᠰᠢᠭᠤᠷ ᠵᠢᠩ ᠳᠤ ᠬᠦᠷᠴᠦ᠂ 2012 ᠣᠨ ᠤ ᠬᠢ ᠠᠴᠠ 40.2 % ᠢᠶᠠᠷ ᠨᠡᠮᠡᠭᠳᠡᠨ᠂ ᠵᠢᠯ ᠳᠤᠮᠳᠠᠴᠢ ᠪᠠᠷ 3.8 % ᠪᠠᠷ ᠨᠡᠮᠡᠭᠳᠡᠵᠦ᠂ ᠠᠮᠤ ᠪᠤᠳᠠᠭᠠᠨ ᠤ ᠤᠨᠠᠯᠲᠠ ᠨᠢ ᠪᠥᠬᠦ ᠤᠯᠤᠰ ᠲᠤ 2012 ᠣᠨ ᠳᠤ 10 ᠳ᠋ᠤᠭᠠᠷ ᠲᠤ ᠵᠢᠭᠰᠠᠭᠠᠭᠳᠠᠵᠤ ᠪᠠᠶᠢᠭᠰᠠᠨ ᠠᠴᠠ ᠪᠠᠨ 2021 ᠣᠨ ᠳᠤ 6 ᠳ᠋ᠤᠭᠠᠷ ᠲᠤ ᠵᠢᠭᠰᠠᠭᠠᠭᠳᠠᠵᠤ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠥᠪᠥᠷ ᠮᠣᠩᠭᠤᠯ ᠪᠣᠯ ᠤᠯᠤᠰ ᠤᠨ ᠠᠮᠤ ᠪᠤᠳᠠᠭᠠᠨ ᠤ ᠭᠤᠤᠯ ᠭᠠᠷᠤᠯᠲᠠ ᠶᠢᠨ 13 ᠮᠤᠵᠢ ᠣᠷᠣᠨ ᠪᠠ ᠬᠡᠪᠴᠢᠶ᠎ᠡ ᠲᠠᠢ ᠭᠠᠳᠠᠭᠰᠢ ᠰᠢᠯᠵᠢᠭᠦᠯᠬᠦ 8 ᠮᠤᠵᠢ ᠣᠷᠣᠨ ᠤ ᠨᠢᠭᠡ ᠪᠣᠯᠤᠨ᠎ᠠ᠂ ᠰᠠᠶ᠋ᠢᠬᠠᠨ ᠫᠠᠨ ᠲᠣᠪᠴᠢᠶᠠᠨ ᠳᠠᠷᠤᠭ᠎ᠠ ᠬᠡᠯᠡᠬᠦ ᠳᠡᠭᠡᠨ᠂ ᠵᠢᠯ ᠪᠦᠷᠢ ᠬᠠᠭᠠᠰ ᠠᠴᠠ ᠳᠡᠭᠡᠭᠰᠢᠬᠢ ᠲᠣᠭᠠᠨ ᠤ ᠠᠮᠤ ᠪᠤᠳᠠᠭ᠎ᠠ ᠶᠢ ᠣᠷᠣᠨ ᠤ ᠭᠠᠳᠠᠨ᠎ᠠ ᠰᠢᠯᠵᠢᠭᠦᠯᠦᠨ ᠭᠠᠷᠭᠠᠵᠤ᠂ ᠪᠥᠬᠦ ᠤᠯᠤᠰ ᠲᠤ ᠬᠠᠩᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠵᠦ ᠪᠠᠶᠢᠨ᠎ᠠ ᠭᠡᠵᠡᠶ᠃       ᠮᠠᠯ ᠠᠵᠤ ᠠᠬᠤᠶ ᠶᠢᠨ ᠦᠢᠯᠡᠳᠪᠦᠷᠢᠯᠡᠯ ᠠᠴᠠ ᠦᠵᠡᠪᠡᠯ᠂ ᠮᠢᠬᠠᠨ ᠤ ᠭᠠᠷᠤᠯᠲᠠ ᠠᠷᠪᠠᠨ ᠲᠤᠯᠤᠭᠠᠨ ᠵᠢᠯ ᠳᠠᠷᠠᠭᠠᠯᠠᠨ ᠲᠣᠭᠲᠠᠭᠤᠨ ᠪᠠᠶᠢᠬᠤ ᠶᠢ ᠪᠡᠶᠡᠯᠡᠭᠦᠯᠵᠦ᠂ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠶᠠᠰᠤ ᠴᠢᠨᠠᠷ ᠦᠷ᠎ᠡ ᠠᠰᠢᠭ ᠵᠡᠷᠭᠡ ᠪᠠᠷ ᠳᠡᠭᠡᠭᠰᠢᠯᠡᠪᠡ᠃ ᠠᠷᠪᠠᠨ ᠵᠢᠯ ᠤᠨ ᠲᠤᠷᠰᠢᠬᠢ ᠴᠥᠬᠦᠷᠡᠰᠢ ᠦᠭᠡᠶ ᠴᠢᠷᠮᠠᠶᠢᠯᠭ᠎ᠠ ᠪᠠᠷ ᠳᠠᠮᠵᠢᠭᠠᠳ᠂ ᠥᠪᠡᠷᠲᠡᠭᠡᠨ ᠵᠠᠰᠠᠬᠤ ᠣᠷᠣᠨ ᠨᠢᠭᠡᠨᠲᠡ ᠪᠦᠬᠦ ᠤᠯᠤᠰ ᠤᠨ ᠮᠠᠯ ᠤᠨ ᠠᠰᠢᠭ ᠰᠢᠮ᠎ᠡ ᠦᠢᠯᠡᠳᠪᠦᠷᠢᠯᠡᠵᠦ ᠡᠳ᠋ᠰᠢᠬᠦᠯᠬᠦ ᠴᠢᠬᠤᠯᠠ ᠰᠠᠭᠤᠷᠢᠨ ᠭᠠᠵᠠᠷ ᠪᠣᠯᠵᠤ᠂ ᠦᠨᠢᠶᠡᠨ ᠰᠦ᠂ ᠦᠬᠡᠷ ᠤᠨ ᠮᠢᠬ᠎ᠠ᠂ ᠬᠤᠨᠢᠨ ᠮᠢᠬ᠎ᠠ᠂ ᠢᠮᠠᠭᠠᠨ ᠨᠣᠯᠤᠤᠷ ᠤᠨ ᠭᠠᠷᠤᠯᠲᠠ ᠨᠢᠭᠡᠨᠲᠡ ᠪᠦᠬᠦ ᠤᠯᠤᠰ ᠤᠨ ᠲᠡᠷᠢᠭᠦᠨ ᠳᠤ ᠣᠷᠣᠪᠠ᠃ 2021 ᠣᠨ ᠳᠤ᠂ ᠪᠥᠬᠦ ᠣᠷᠣᠨ ᠤ ᠭᠠᠭ᠋ᠠᠶ ᠦᠬᠡᠷ ᠬᠤᠨᠢ ᠵᠢᠭᠦᠷᠲᠡᠨ ᠤ ᠳᠥᠷᠪᠡᠨ ᠮᠢᠬᠠᠨ ᠤ ᠭᠠᠷᠤᠯᠲᠠ 270.3 ᠲᠦᠮᠡᠨ ᠲᠣᠨ ᠳᠤ ᠬᠦᠷᠴᠦ᠂ 2012 ᠣᠨ ᠤ ᠬᠢ ᠠᠴᠠ 13.9 % ᠪᠠᠷ ᠨᠡᠮᠡᠭᠳᠡᠵᠦ᠂ ᠵᠢᠯ ᠪᠦᠷᠢ ᠳᠤᠮᠳᠠᠴᠢ ᠪᠠᠷ 1.5 % ᠪᠠᠷ ᠨᠡᠮᠡᠭᠳᠡᠪᠡ᠃ ᠡᠭᠦᠨ ᠳᠤ ᠦᠬᠡᠷ ᠤᠨ ᠮᠢᠬ᠎ᠠ 68.7 ᠲᠦᠮᠡᠨ ᠲᠣᠨ ᠳᠤ ᠬᠦᠷᠴᠦ᠂ 2012 ᠣᠨ ᠤ ᠬᠢ ᠠᠴᠠ 34.3 % ᠪᠠᠷ ᠨᠡᠮᠡᠭᠳᠡᠵᠡᠶ︔ ᠬᠤᠨᠢᠨ ᠮᠢᠬ᠎ᠠ 113.7 ᠲᠦᠮᠡᠨ ᠲᠣᠨ ᠳᠤ ᠬᠦᠷᠴᠦ᠂ 2012 ᠣᠨ ᠤ ᠬᠢ ᠠᠴᠠ 28.2 % ᠢᠶᠠᠷ ᠨᠡᠮᠡᠭᠳᠡᠪᠡ᠃ ᠣᠲᠣ᠂ ᠥᠪᠥᠷ ᠮᠣᠩᠭᠤᠯ ᠨᠢᠭᠡᠨᠲᠡ ᠪᠥᠬᠦ ᠤᠯᠤᠰ ᠤᠨ ᠴᠢᠬᠤᠯᠠ ︽ᠠᠮᠤ ᠪᠤᠳᠠᠭᠠᠨ ᠤ ᠬᠥᠮᠥᠷᠭᠡ︾᠂ ︽ᠮᠢᠬᠠᠨ ᠤ ᠬᠥᠮᠥᠷᠭᠡ︾᠂ ︽ᠰᠦ ᠶᠢᠨ ᠰᠠᠪᠠ︾ ︽ᠨᠣᠯᠤᠤᠷ ᠤᠨ ᠬᠤᠲᠠ︾ ᠪᠣᠯᠵᠣ᠂ ︽ᠨᠠᠷᠠᠲᠤ ᠣᠨᠴᠠ ᠰᠢᠯᠢᠳᠡᠭ ᠰᠢᠨ᠎ᠡ︾ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠡᠷᠦᠩᠬᠡᠶ ᠲᠤᠭ᠎ᠠ ᠪᠥᠬᠦ ᠤᠯᠤᠰ ᠲᠤ ᠲᠡᠷᠢᠭᠦᠯᠡᠵᠦ᠂ ︽ᠥᠪᠥᠷ ᠮᠣᠩᠭᠤᠯ ᠨᠠᠷᠠᠲᠤ︾ ᠨᠠᠷᠠᠲᠤ ᠲᠡᠮᠳᠡᠭᠲᠦ ᠪᠥᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠭ᠎ᠠ ᠰᠠᠶᠢᠲᠠᠶ ᠪᠣᠯᠵᠣ᠂ ᠮᠡᠳᠡᠷᠡᠭᠳᠡᠬᠦ ᠬᠡᠮᠵᠢᠶ᠎ᠡ ᠪᠠ ᠨᠡᠷ᠎ᠡ ᠠᠯᠳᠠᠷᠰᠢᠯ ᠢᠯᠡᠳᠲᠡ ᠳᠡᠭᠡᠭᠰᠢᠯᠡᠪᠡ᠃
 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号