2 ᠰᠠᠷ᠎ᠠ ᠶᠢᠨ 17 ᠤ ᠡᠳᠦᠷ᠂ ᠤᠯᠤᠰ ᠲᠦᠷᠦ ᠶᠢᠨ ᠵᠥᠪᠯᠡᠯᠭᠡᠨ ᠤ ᠬᠥᠯᠥᠨ ᠪᠦᠢᠷ ᠬᠤᠳᠠ ᠶᠢᠨ | ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠠᠮᠵᠢᠯᠲᠠ ᠲᠠᠢ ᠬᠤᠷᠠᠯᠳᠤᠵᠤ ᠡᠬᠢᠯᠡᠯ᠎ᠡ᠃ ᠡᠨᠡ | ᠬᠦ ᠲᠠᠰᠢᠷᠠᠮ ᠢᠶᠠᠷ ᠰᠤᠷᠪᠤᠯᠵᠢᠯᠠᠬᠴᠢ ᠡᠮ ᠡᠮᠨᠡᠯᠭᠡ ᠡᠷᠡᠭᠦᠯ ᠬᠠᠮᠠᠭᠠᠯᠠᠯ ᠤᠨ ᠡᠲᠡᠭᠡᠳ ᠤᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠨ᠂ ᠬᠥᠯᠥᠨ ᠪᠦᠢᠷ ᠬᠤᠳᠠ ᠶᠢᠨ ᠮᠣᠩᠭᠤᠯ ᠡᠮᠨᠡᠯᠭᠡ ᠶᠢᠨ ᠬᠤᠷᠢᠶᠠᠨ ᠤ ᠰᠣᠶᠣᠯ ᠰᠢᠨᠵᠢᠯᠡᠬᠦ | ᠤᠬᠠᠭᠠᠨ ᠤ ᠰᠠᠯᠠᠭᠠᠨ ᠤ ᠡᠷᠭᠢᠯᠡᠭᠴᠢ ᠤᠯᠠᠭᠠᠨᠭᠡᠷᠡᠯ ᠢ ᠰᠤᠷᠪᠤᠯᠵᠢᠯᠠᠵᠤ ᠪᠢᠯᠡ᠃ | | | | | ᠨᠢᠳᠤᠨᠤᠨ ᠤᠯᠠᠭᠠᠨᠭᠡᠷᠡᠯ ᠭᠡᠰᠢᠭᠦᠨ ᠦᠨᠳᠦᠰᠦᠨ ᠱᠠᠲᠤᠨ ᠤ ᠨᠡᠶᠢᠭᠡᠮ ᠲᠣᠭᠤᠷᠢᠭ ᠲᠤ ᠮᠣᠩᠭᠤᠯ | ᠡᠮᠨᠡᠯᠭᠡ ᠶᠢᠨ ᠡᠮᠴᠢᠯᠡᠭᠡᠨ ᠤ ᠲᠠᠰᠤᠭ ᠪᠠᠶᠢᠭᠤᠯᠬᠤ ᠲᠤᠬᠠᠢ ᠰᠠᠨᠠᠯ ᠳᠤᠷᠠᠳᠤᠯᠭ᠎ᠠ ᠳᠤᠷᠠᠳᠴᠤ᠂ ᠡᠨᠡ ᠬᠦ ᠰᠠᠨᠠᠯ | ᠳᠤᠷᠠᠳᠤᠯᠭ᠎ᠠ ᠨᠢ ᠠᠩᠬ᠎ᠠ ᠠᠯᠬᠤᠮ ᠪᠡᠶᠡᠯᠡᠭᠳᠡᠨ᠂ ᠤᠳᠤ ᠪᠤᠯᠬᠤ ᠳᠤ ᠬᠠᠶᠢᠯᠠᠷ ᠲᠣᠭᠤᠷᠢᠭ ᠤᠨ ᠬᠤᠶᠠᠷ ᠨᠡᠶᠢᠭᠡᠮ | ᠲᠣᠭᠤᠷᠢᠭ ᠨᠢᠭᠡᠨᠲᠡ ᠮᠣᠩᠭᠤᠯ ᠡᠮᠨᠡᠯᠭᠡ ᠶᠢᠨ ᠡᠮᠴᠢᠯᠡᠭᠡᠨᠤ ᠲᠠᠰᠤᠭ ᠲᠠᠢ ᠪᠣᠯᠤᠭᠰᠠᠨ ᠪᠠᠶᠢᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠯᠢ ᠣᠯᠠᠨ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠵᠦ᠂ ᠠᠷᠠᠳ ᠲᠦᠮᠡᠨ ᠤ ᠡᠷᠡᠭᠦᠯ ᠮᠡᠨᠳᠦ ᠶᠢ | ᠬᠠᠮᠤᠭ ᠤᠨ ᠲᠡᠷᠢᠭᠦᠨ ᠪᠠᠶᠢᠷᠢᠨ ᠳᠤ ᠲᠠᠯᠪᠢᠬᠤ ᠶᠢ ᠴᠢᠬᠤᠯᠠᠴᠢᠯᠠᠭᠰᠠᠭᠠᠷ ᠢᠷᠠᠵᠠᠢ᠃ ᠡᠨᠡ ᠬᠦ ᠪᠠᠶᠢᠳᠠᠯ ᠳᠤ | ᠵᠣᠷᠢᠭᠤᠯᠤᠨ ᠤᠯᠠᠭᠠᠨᠭᠡᠷᠡᠯ ᠭᠡᠰᠢᠭᠦᠨ ᠠᠴᠠ ︽ᠦᠨᠳᠦᠰᠦᠨ ᠱᠠᠲᠤᠨ ᠤ ᠬᠢᠲᠠᠳ ᠮᠣᠩᠭᠤᠯ ᠡᠮᠨᠡᠯᠭᠡ ᠶᠢᠨ | ᠡᠮᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠤ᠂ ᠠᠷᠠᠳ ᠲᠦᠮᠡᠨ ᠤ ᠡᠷᠡᠭᠦᠯ ᠮᠡᠨᠳᠦ ᠶᠢ | ᠰᠠᠬᠢᠨ ᠬᠠᠮᠠᠭᠠᠯᠠᠬᠤ ᠬᠡᠷᠡᠭᠲᠡᠢ︾ ᠪᠠ ︽ᠬᠢᠲᠠᠳ ᠮᠣᠩᠭᠤᠯ ᠡᠮ ᠡᠮᠨᠡᠯᠭᠡ ᠶᠢ ᠡᠷᠡᠭᠦᠯ ᠮᠡᠨᠳᠦ ᠶᠢᠨ ᠵᠢᠭᠤᠯᠴᠢᠯᠠᠯ ᠤᠨ | ᠦᠢᠯᠡᠰ ᠲᠠᠢ ᠠᠭᠤᠰᠤᠯᠴᠠᠭᠤᠯᠵᠤ᠂ ᠬᠢᠲᠠᠳ ᠮᠣᠩᠭᠤᠯ ᠡᠮ ᠡᠮᠨᠡᠯᠭᠡ ᠶᠢᠨ ᠰᠣᠶᠣᠯ ᠢ ᠨᠡᠩ ᠤᠯᠠᠨ ᠬᠥᠮᠥᠰ ᠲᠤ | ᠲᠠᠨᠢᠭᠤᠯᠵᠤ ᠣᠶᠢᠯᠠᠭᠠᠭᠤᠯᠬᠤ ᠬᠡᠷᠡᠭᠲᠡᠢ︾ ᠭᠡᠬᠦ ᠬᠤᠶᠠᠷ ᠰᠠᠨᠠᠯ ᠳᠤᠷᠠᠳᠤᠯᠭ᠎ᠠ ᠪᠠᠨ ᠠᠪᠴᠤ ᠬᠤᠶᠠᠳᠠᠭᠢ ᠵᠢᠯ ᠤᠨ | ᠬᠤᠷᠠᠯ ᠳᠠᠭᠠᠨ ᠤᠷᠤᠯᠴᠠᠵᠦ ᠪᠠᠶᠢᠭ᠎ᠠ ᠪᠢᠯᠡ᠃ | ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠡᠪᠡᠳᠴᠢᠨ ᠤ ᠲᠦᠷᠦᠯ ᠵᠦᠢᠯ ᠨᠡᠩ ᠤᠯᠠᠨ ᠨᠡᠩ | ᠪᠤᠳᠤᠯᠢᠶᠠᠨ ᠲᠠᠢ ᠪᠣᠯᠵᠤ᠂ ᠬᠥᠮᠥᠰ ᠤᠨ ᠡᠷᠡᠭᠦᠯ ᠮᠡᠨᠳᠦ ᠶᠢᠨ ᠱᠠᠭᠠᠷᠳᠠᠯᠭ᠎ᠠ ᠴᠤ ᠶᠠᠪᠤᠬᠤ ᠲᠤᠲᠤᠮ ᠥᠨᠳᠥᠷ | ᠪᠣᠯᠪᠠ᠂ ᠤᠤᠯ ᠳᠠᠭᠠᠨ ᠡᠪᠡᠳᠴᠢᠨ ᠭᠦᠷᠪᠡᠯ ᠡᠮᠴᠢᠯᠡᠭᠦᠯᠳᠡᠭ ᠪᠠᠶᠢᠭᠰᠠᠨ ᠠᠴᠠ ᠪᠠᠨ ᠤᠳᠤ ᠡᠪᠡᠳᠴᠢᠯᠡᠬᠦ ᠠᠴᠠ ᠪᠠᠨ | ᠡᠮᠦᠨ᠎ᠡ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠣᠯᠵᠤ᠂ ᠡᠮ ᠡᠮᠨᠡᠯᠭᠡ ᠶᠢᠨ ᠪᠠᠶᠢᠭᠤᠯᠤᠮᠵᠢ ᠨᠢ ᠡᠪᠡᠳᠴᠢᠲᠡᠨ ᠳᠤ | ᠦᠢᠯᠡᠴᠢᠯᠡᠬᠦ ᠠᠴᠠ ᠭᠠᠳᠠᠨ᠎ᠠ ᠡᠷᠡᠭᠦᠯ ᠮᠡᠨᠳᠦ ᠳᠤ ᠦᠢᠯᠡᠴᠢᠯᠡᠬᠦ ᠶᠢ ᠨᠡᠩ ᠶᠡᠭᠡ ᠴᠢᠬᠤᠯᠠᠴᠢᠯᠠᠬᠤ ᠪᠣᠯᠤᠭᠰᠠᠨ ᠨᠢ | ᠨᠡᠶᠢᠭᠡᠮ ᠤᠨ ᠰᠢᠨ᠎ᠡ ᠬᠠᠨᠳᠤᠰᠢ ᠪᠣᠯᠵᠤ ᠬᠤᠪᠢᠷᠠᠯ᠎ᠠ᠃ ᠥᠩᠭᠡᠷᠡᠭᠰᠡᠨ ᠭᠤᠷᠪᠠᠨ ᠵᠢᠯ ᠤᠨ ᠬᠢᠵᠢᠭ ᠤᠨ | ᠬᠤᠭᠤᠴᠠᠭᠠᠨ ᠳᠤ ᠬᠢᠲᠠᠳ ᠮᠣᠩᠭᠤᠯ ᠡᠮ ᠡᠮᠨᠡᠯᠭᠡ ᠨᠢ ᠡᠪᠡᠳᠴᠢᠨ ᠢ ᠤᠷᠢᠳᠴᠢᠯᠠᠨ ᠰᠡᠷᠭᠡᠶᠢᠯᠡᠵᠦ᠂ ᠬᠥᠮᠥᠰ ᠤᠨ | ᠡᠷᠡᠭᠦᠯ ᠮᠡᠨᠳᠦ ᠳᠤ ᠮᠠᠰᠢ ᠰᠠᠶᠢᠨ ᠪᠠᠲᠤᠯᠠᠭ᠎ᠠ ᠬᠠᠩᠭᠠᠭᠰᠠᠨ ᠪᠠᠶᠢᠳᠠᠭ᠃ ᠡᠶᠢᠮᠦ ᠪᠣᠯᠬᠤᠷ ᠬᠢᠲᠠᠳ ᠮᠣᠩᠭᠤᠯ ᠡᠮ | ᠡᠮᠨᠡᠯᠭᠡ ᠶᠢ ᠦᠨᠳᠦᠰᠦᠨ ᠱᠠᠲᠤᠨ ᠳᠤ ᠲᠦᠭᠡᠮᠡᠯᠵᠢᠭᠦᠯᠵᠦ᠂ ᠲᠤᠰᠬᠠᠢ ᠴᠢᠳᠠᠪᠤᠷᠢᠲᠠᠨ ᠢ ᠬᠥᠮᠥᠵᠢᠭᠦᠯᠦᠨ | ᠡᠮᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠨᠢ ᠠᠷᠠᠳ ᠲᠦᠮᠡᠨ ᠤ ᠡᠷᠡᠭᠦᠯ ᠮᠡᠨᠳᠦ ᠶᠢ | ᠪᠠᠲᠤᠯᠠᠬᠤ ᠶᠢᠨ ᠵᠠᠩᠭᠢᠯᠠᠭ᠎ᠠ ᠶᠢᠨ ᠵᠠᠩᠭᠢᠯᠠᠭ᠎ᠠ ᠪᠤᠯᠬᠤ ᠶᠤᠮ᠃ | ︽ᠣᠳᠣᠬᠠᠨ ᠳᠤ ᠦᠨᠳᠦᠰᠦᠨ ᠱᠠᠲᠤᠨ ᠤ ᠬᠢᠲᠠᠳ ᠮᠣᠩᠭᠤᠯ ᠡᠮᠨᠡᠯᠭᠡ ᠶᠢᠨ ᠡᠮᠴᠢᠯᠡᠭᠡᠨ ᠤ ᠴᠢᠳᠠᠪᠤᠷᠢ | ᠨᠡᠶᠢᠳᠡᠮ ᠳᠡᠭᠡᠨ ᠳᠣᠣᠷ᠎ᠠ ᠪᠠᠶᠢᠨ᠎ᠠ᠂ ᠡᠭᠦᠨ ᠳᠤ ᠳᠡᠭᠡᠳᠦ ᠱᠠᠲᠤᠨ ᠤ ᠡᠮᠨᠡᠯᠭᠡ ᠶᠢᠨ ᠬᠤᠷᠢᠶᠠᠨ ᠤ ᠨᠡᠷᠡᠲᠦ ᠡᠮᠴᠢ ᠶᠢ | ᠲᠣᠭᠲᠠᠭᠰᠠᠨ ᠬᠤᠭᠤᠴᠠᠭ᠎ᠠ ᠲᠠᠢ ᠦᠨᠳᠦᠰᠦᠨ ᠱᠠᠲᠤᠨ ᠳᠤ ᠪᠠᠭᠤᠯᠭᠠᠨ ᠡᠮᠴᠢᠯᠡᠭᠦᠯᠬᠦ ᠪᠠ ᠠᠵᠢᠯ ᠤᠨ | ᠠᠮᠠᠷᠠᠯᠲᠠ ᠪᠠᠨ ᠠᠪᠤᠭᠰᠠᠨ ᠠᠬᠠᠮᠠᠳ ᠡᠮᠴᠢ ᠨᠠᠷ ᠢ ᠦᠨᠳᠦᠰᠦᠨ ᠱᠠᠲᠤᠨ ᠤ ᠡᠮᠨᠡᠯᠭᠡ ᠶᠢᠨ ᠪᠠᠶᠢᠭᠤᠯᠤᠮᠵᠢ ᠳᠤ | ᠳᠠᠭᠢᠨ ᠤᠷᠢᠵᠤ ᠡᠮᠴᠢᠯᠡᠭᠦᠯᠬᠦ ᠠᠴᠠ ᠭᠠᠳᠠᠨ᠎ᠠ᠂ ᠴᠢᠨᠠᠷ ᠰᠠᠶᠢᠲᠠᠢ ᠡᠮᠴᠢᠯᠡᠭᠡᠨ ᠤ ᠴᠢᠳᠠᠪᠤᠷᠢᠲᠠᠨ ᠤ ᠡᠩᠨᠡᠭᠡ ᠶᠢ | ᠪᠠᠶᠢᠭᠤᠯᠵᠤ᠂ ᠤᠯᠤᠰᠡᠴᠠ ᠲᠥᠯᠥᠪᠯᠡᠭᠡ ᠲᠠᠢ ᠪᠠᠷ ᠡᠮᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡᠯ ᠵᠣᠬᠢᠨ᠎ᠠ᠃ | ᠢᠨᠬᠭᠢᠪᠠᠯ ᠰᠠᠶ᠋ᠢ ᠬᠢᠲᠠᠳ ᠮᠣᠩᠭᠤᠯ ᠡᠮ ᠡᠮᠨᠡᠯᠭᠡ ᠶᠢ ᠦᠨᠳᠦᠰᠦᠨ ᠱᠠᠲᠤᠨ ᠳᠤ ᠲᠦᠭᠡᠮᠡᠯᠵᠢᠭᠦᠯᠦᠨ᠂ ᠬᠥᠮᠥᠰ ᠤᠨ | ᠡᠷᠡᠭᠦᠯ ᠮᠡᠨᠳᠦ ᠳᠤ ᠦᠢᠯᠡᠴᠢᠯᠡᠬᠦ ᠴᠢᠳᠠᠪᠤᠷᠢ ᠶᠢ ᠠᠯᠬᠤᠮ ᠴᠢᠨᠠᠭᠰᠢᠳᠠ ᠳᠡᠭᠡᠭᠰᠢᠯᠡᠭᠦᠯᠵᠤ ᠴᠢᠳᠠᠨ᠎ᠠ︾ ᠭᠡᠵᠦ | ᠭᠡᠰᠢᠭᠦᠨ ᠤᠯᠠᠭᠠᠨᠭᠡᠷᠡᠯ ᠰᠤᠷᠪᠤᠯᠵᠢᠯᠠᠬᠴᠢ ᠳᠤ ᠶᠠᠷᠢᠨ᠎ᠠ᠃ | ᠡᠷᠡᠭᠦᠯ ᠮᠡᠨᠳᠦ ᠶᠢᠨ ᠵᠢᠭᠤᠯᠴᠢᠯᠠᠯ ᠤᠨ ᠦᠢᠯᠡᠰ ᠨᠢ ᠨᠢᠭᠡ ᠵᠦᠢᠯ ᠤᠨ ᠰᠢᠨ᠎ᠡ ᠵᠢᠭᠤᠯᠴᠢᠯᠠᠯ ᠤᠨ ᠭᠡᠯᠪᠡᠷᠢ | ᠪᠤᠯᠬᠤ ᠪᠠᠷ ᠪᠠᠷᠠᠬᠤ ᠦᠭᠡᠢ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠦᠢᠯᠡᠰ ᠤᠨ ᠦᠷᠭᠦᠯᠵᠢᠯᠡᠯ ᠪᠠ ᠤᠯᠠᠮᠵᠢᠯᠠᠯᠲᠤ | ᠵᠢᠭᠤᠯᠴᠢᠯᠠᠯ ᠤᠨ ᠦᠢᠯᠡᠰ ᠤᠨ ᠥᠷᠭᠡᠳᠬᠡᠯ ᠪᠣᠯᠣᠨ᠎ᠠ᠃ | ︽ᠬᠥᠯᠥᠨ ᠪᠦᠢᠷ ᠤᠨ ᠲᠠᠯ᠎ᠠ ᠨᠤᠲᠤᠭ ᠲᠤ ᠬᠤᠶᠠᠷ ᠵᠠᠭᠤ ᠭᠠᠷᠤᠢ ᠡᠮᠲᠦ ᠤᠷᠭᠤᠮᠠᠯ ᠪᠠᠶᠢᠳᠠᠭ᠂ ᠭᠡᠬᠦ ᠳᠤ | ᠡᠮᠲᠦ ᠤᠷᠭᠤᠮᠠᠯ ᠢ ᠢᠯᠭᠠᠨ ᠲᠠᠨᠢᠵᠤ ᠮᠡᠳᠡᠳᠡᠭ ᠬᠥᠮᠥᠰ ᠮᠠᠰᠢ ᠴᠥᠭᠡᠨ᠂ ᠡᠶᠢᠮᠦ ᠠᠴᠠ ᠪᠢᠳᠡ ᠵᠢᠭᠤᠯᠴᠢᠯᠠᠯ ᠤᠨ | ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠨ ᠡᠳᠡᠭᠡᠷ ᠡᠮᠲᠦ ᠤᠷᠭᠤᠮᠠᠯ ᠢᠶᠠᠨ ᠨᠡᠩ ᠤᠯᠠᠨ ᠬᠥᠮᠥᠰ ᠲᠤ | ᠲᠠᠨᠢᠭᠤᠯᠵᠤ ᠣᠶᠢᠯᠠᠭᠠᠭᠤᠯᠬᠤ ᠪᠠᠷ ᠲᠠᠮᠵᠢᠨ ᠬᠢᠲᠠᠳ ᠮᠣᠩᠭᠤᠯ ᠡᠮ ᠡᠮᠨᠡᠯᠭᠡ ᠶᠢᠨ ᠰᠣᠶᠣᠯ ᠢᠶᠠᠨ ᠰᠤᠷᠲᠠᠯᠴᠢᠯᠠᠨ | ᠤᠬᠠᠭᠤᠯᠵᠤ ᠪᠣᠯᠣᠨ᠎ᠠ᠃ ᠡᠨᠡ ᠨᠢ ᠵᠢᠭᠤᠯᠴᠢᠯᠠᠯ ᠪᠠ ᠬᠢᠲᠠᠳ ᠮᠣᠩᠭᠤᠯ ᠡᠮ ᠡᠮᠨᠡᠯᠭᠡ ᠶᠢ ᠭᠦᠨᠵᠡᠭᠡᠢ | ᠠᠭᠤᠰᠤᠯᠴᠠᠭᠤᠯᠤᠨ᠂ ᠠᠮᠢ ᠠᠬᠤᠢ ᠡᠷᠡᠭᠦᠯ ᠮᠡᠨᠳᠦ ᠶᠢᠨ ᠵᠢᠭᠤᠯᠴᠢᠯᠠᠯ ᠤᠨ ᠵᠠᠮ ᠱᠤᠭᠤᠮ ᠢ ᠨᠡᠭᠡᠭᠡᠨ ᠬᠥᠭᠵᠢᠭᠦᠯᠪᠡᠯ | ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠠᠰᠢᠭᠲᠠᠢ︾ ᠬᠡᠮᠡᠨ ᠬᠤᠶᠠᠳᠠᠭᠢ ᠰᠠᠨᠠᠯ | ᠳᠤᠷᠠᠳᠤᠯᠭ᠎ᠠ ᠶᠢᠨ ᠢᠶᠠᠨ ᠲᠤᠬᠠᠢ ᠤᠯᠠᠭᠠᠨᠭᠡᠷᠡᠯ ᠰᠤᠷᠪᠤᠯᠵᠢᠯᠠᠬᠴᠢ ᠳᠤ ᠶᠠᠷᠢᠭᠰᠠᠨ ᠪᠢᠯᠡ᠃ | ᠭᠡᠰᠢᠭᠦᠨ ᠤᠯᠠᠭᠠᠨᠭᠡᠷᠡᠯ ᠤᠨ ᠳᠤᠷᠠᠳᠤᠭᠰᠠᠨ ᠰᠠᠨᠠᠯ ᠳᠤᠷᠠᠳᠤᠯᠭ᠎ᠠ ᠨᠢ ᠡᠷᠲᠡ ᠡᠳᠦᠷ ᠪᠡᠶᠡᠯᠡᠯ ᠢᠶᠠᠨ ᠣᠯᠵᠤ᠂ | ᠤᠯᠠᠨ ᠲᠦᠮᠡᠨ ᠤ ᠡᠷᠡᠭᠦᠯ ᠮᠠᠨᠳᠤ ᠳᠤ ᠨᠡᠩ ᠤᠯᠠᠨ ᠠᠰᠢᠭ ᠬᠦᠷᠲᠡᠭᠡᠬᠦ ᠶᠢ ᠬᠦᠰᠡᠶ᠎ᠡ᠃ |