ᠭᠡᠰᠢᠭᠦᠨ ᠴᠡᠷᠴᠡᠭᠮ᠎ᠠ᠄ ᠠᠷᠠᠳ ᠠᠴᠠ ᠡᠷᠭᠢᠯᠡᠭᠰᠡᠨ ᠦᠨᠳᠦᠰᠦᠨ ᠱᠠᠲᠤᠨ ᠤ ᠬᠡᠦᠬᠡᠳ‌‍ᠤᠨ ᠴᠡᠴᠡᠷᠯᠢᠭ ᠤᠨ ᠪᠠᠭᠰᠢ ᠠᠵᠢᠯᠲᠠᠳ ᠤᠨ ᠬᠥᠯᠥᠰᠦ ᠣᠯᠭᠤᠮᠵᠢ ᠶᠢ ᠨᠡᠮᠡᠭᠳᠡᠭᠦᠯᠪᠡᠯ ᠵᠣᠬᠢᠨ᠎ᠠ
ᠨᠡᠶᠢᠲᠡᠯᠡᠭᠰᠡᠨ ᠴᠠᠭ᠄
2023/3/30
      ᠬᠡᠦᠬᠡᠳ ᠲᠤ ᠠᠪᠴᠤ ᠬᠡᠯᠡᠪᠡᠯ ᠴᠡᠴᠡᠷᠯᠢᠭ ᠲᠤ ᠪᠠᠶᠢᠭ᠎ᠠ ᠴᠠᠭ ᠬᠤᠭᠤᠴᠠᠭ᠎ᠠ ᠪᠣᠯ ᠬᠡᠦᠬᠡᠳ ᠤᠨ ᠲᠠᠷᠢᠬᠢᠨ ᠤ ᠬᠥᠭᠵᠢᠯᠲᠡ ᠶᠢᠨ ᠬᠠᠮᠤᠭ ᠤᠨ ᠴᠢᠬᠤᠯᠠ ᠴᠠᠭ ᠦᠶ᠎ᠡ ᠪᠣᠯᠣᠨ᠎ᠠ᠃ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠪᠠ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠭᠠᠭᠤᠯᠢ ᠡᠷᠭᠢᠯᠡᠭᠦ ᠵᠣᠷᠢᠯᠭ᠎ᠠ ᠨᠢ ᠠᠳᠠᠯᠢ᠂ ᠪᠦᠷ ᠬᠡᠦᠬᠡᠳ ᠤᠨ ᠲᠥᠯᠥᠭᠡ ᠶᠤᠮ᠃ ᠡᠭᠦᠨ ᠠᠴᠠ ᠭᠠᠳᠠᠨ᠎ᠠ ᠦᠨᠳᠦᠰᠦᠨ ᠱᠠᠲᠤᠨ ᠤ ᠰᠤᠷᠬᠤ ᠨᠠᠰᠤᠨ ᠠᠴᠠ ᠡᠮᠦᠨᠡᠬᠢ ᠬᠡᠦᠬᠡᠳ‌‍ᠲ᠋ᠤ ᠠᠪᠴᠤ ᠬᠡᠯᠡᠪᠡᠯ ᠭᠡᠷ ᠤᠨ ᠢᠶᠠᠨ ᠡᠭᠦᠳᠡᠨ ᠠᠴᠠ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠵᠦ ᠴᠢᠳᠠᠬᠤ ᠨᠢ ᠪᠠᠰᠠ ᠪᠠᠶᠠᠷᠯᠠᠭᠤᠰᠢᠲᠠᠢ ᠠᠰᠠᠭᠤᠳᠠᠯ ᠪᠤᠯᠬᠤ ᠶᠤᠮ᠃ ᠡᠨᠡ ᠬᠦ ᠠᠰᠠᠭᠤᠳᠠᠯ ᠢ ᠤᠯᠠᠮ ᠨᠢᠭᠡ ᠠᠯᠬᠤᠮ ᠪᠡᠶᠡᠯᠡᠭᠦᠯᠬᠦ ᠶᠢᠨ ᠲᠥᠯᠥᠭᠡ ᠡᠸᠡᠩᠬᠢ ᠬᠤᠰᠢᠭᠤᠨ ᠤ ᠰᠢᠨᠡᠬᠡᠨ ᠪᠠᠷᠠᠭᠤᠨ ᠰᠤᠮᠤᠨ ᠤ ︽ᠨᠤᠲᠤᠭ︾ ᠬᠡᠦᠬᠡᠳ ᠤᠨ ᠴᠡᠴᠡᠷᠯᠢᠭ ᠤᠨ ᠵᠠᠬᠢᠷᠤᠯ ᠴᠡᠷᠴᠡᠭᠮ᠎ᠠ ᠲᠤᠰ ᠤᠳᠠᠭᠠᠨ ᠤ ︽ᠬᠤᠶᠠᠷ ᠬᠤᠷᠠᠯ︾ ᠳᠠᠭᠠᠨ ︽ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠪᠠᠭᠰᠢ ᠠᠵᠢᠯᠲᠠᠨ ᠠᠵᠢᠯᠴᠢᠨ ᠤ ᠴᠠᠯᠢᠩ ᠬᠥᠯᠥᠰᠦ ᠪᠠ ︿ᠲᠠᠪᠤᠨ ᠳᠠᠭᠠᠳᠬᠠᠯ ᠨᠢᠭᠡ ᠮᠥᠩᠭᠦ﹀ ᠶᠢᠨ ᠠᠰᠠᠭᠤᠳᠠᠯ ᠢ ᠡᠷᠲᠡᠬᠡᠨ ᠰᠢᠢᠳᠪᠦᠷᠢᠯᠡᠵᠦ ᠦᠭᠭᠦ ᠶᠢ ᠬᠦᠰᠡᠭᠰᠡᠨ︾ ᠰᠠᠨᠠᠯ ᠳᠤᠷᠠᠳᠤᠯᠭ᠎ᠠ ᠳᠡᠪᠰᠢᠭᠦᠯᠵᠦ᠂ ᠬᠡᠦᠬᠡᠳ ᠲᠤ ᠨᠠᠩ ᠰᠢᠯᠢᠳᠡᠭ ᠰᠠᠶᠢᠨ ᠰᠤᠷᠭᠠᠨ ᠬᠥᠮᠦᠵᠢᠯ ᠬᠦᠷᠲᠡᠭᠡᠵᠦ᠂ ᠦᠨᠳᠦᠰᠦᠨ ᠱᠠᠲᠤᠨ ᠤ ᠬᠡᠦᠬᠡᠳ ᠤᠨ ᠴᠡᠴᠡᠷᠯᠢᠭ ᠤᠨ ᠨᠡᠩ ᠣᠷᠳᠣ ᠤᠳᠠᠭᠠᠨ ᠤ ᠬᠥᠭᠵᠢᠯᠲᠡ ᠶᠢ ᠵᠣᠷᠢᠭᠰᠠᠨ ᠶᠤᠮ᠃       ᠣᠳᠣᠬᠠᠨ ᠳᠤ ᠬᠡᠦᠬᠡᠳ ᠤᠨ ᠴᠡᠴᠡᠷᠯᠢᠭ ᠢ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠪᠣᠯᠣᠨ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠭᠡᠵᠦ ᠬᠤᠪᠢᠶᠠᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠨᠢᠭᠡᠳᠦᠯᠲᠡᠢ ᠬᠠᠮᠢᠶᠠᠷᠴᠤ ᠪᠠᠶᠢᠳᠠᠭ᠃ ᠡᠭᠦᠨ ᠳᠤ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠨᠢ ᠡᠳ᠋ ᠤᠨ ᠵᠠᠰᠠᠭ ᠤᠨ ᠪᠡᠯᠡ ᠮᠥᠩᠭᠦ ᠶᠢᠨ ᠪᠠᠲᠤᠯᠠᠭ᠎ᠠ ᠲᠠᠢ ᠪᠠᠶᠢᠵᠤ᠂ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠨᠢ ᠵᠦᠪᠭᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠤ ᠪᠡᠯᠡ ᠮᠥᠩᠭᠦ ᠳᠤ ᠲᠦᠰᠢᠭᠯᠡᠵᠦ᠂ ᠵᠠᠷᠤᠳᠠᠯ ᠰᠦᠢᠳᠬᠡᠯ ᠬᠢᠭᠡᠳ ᠠᠵᠤ ᠠᠬᠤᠢ ᠶᠢᠨ ᠦᠷ᠎ᠡ ᠠᠰᠢᠭ ᠡᠭᠦᠳᠦᠨ ᠪᠦᠲᠦᠭᠡᠬᠦ ᠡᠰᠡᠬᠦ ᠨᠢ ᠴᠥᠮ ᠴᠡᠴᠡᠷᠯᠢᠭ ᠲᠤ ᠨᠡᠷ᠎ᠡ ᠮᠡᠳᠡᠭᠦᠯᠭᠦ ᠬᠡᠦᠬᠡᠳ ᠤᠨ ᠲᠤᠭ᠎ᠠ ᠬᠡᠮᠵᠢᠶ᠎ᠡ ᠪᠠᠷ ᠲᠣᠭᠲᠠᠭᠠᠭᠳᠠᠵᠤ ᠪᠠᠶᠢᠳᠠᠭ᠃       ᠭᠡᠰᠢᠭᠦᠨ ᠴᠡᠷᠴᠡᠭᠮ᠎ᠠ ᠰᠤᠷᠪᠤᠯᠵᠢᠯᠠᠬᠴᠢ ᠳᠤ᠄ ︽ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠪᠠ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠭᠠᠭᠤᠯᠢ ᠡᠷᠭᠢᠯᠡᠭᠦ ᠵᠣᠷᠢᠯᠭ᠎ᠠ ᠨᠢ ᠴᠥᠮ ᠥᠰᠪᠦᠷᠢ ᠶᠢᠨ ᠬᠡᠦᠬᠡᠳ ᠤᠨ ᠡᠷᠡᠭᠦᠯ ᠴᠢᠭᠢᠷᠠᠭ ᠦᠰᠦᠨ ᠪᠤᠶᠢᠵᠢᠯᠳᠠ ᠶᠢᠨ ᠲᠥᠯᠥᠭᠡ ᠶᠤᠮ᠃ ᠣᠳᠣᠬᠠᠨ ᠳᠤ ᠬᠡᠰᠡᠭ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠨᠢ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠪᠣᠯᠣᠨ ᠬᠤᠪᠢᠷᠠᠵᠤ ᠪᠠᠶᠢᠭ᠎ᠠ ᠪᠤᠯᠪᠠᠴᠦ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠪᠠᠭᠰᠢ ᠠᠵᠢᠯᠲᠠᠳ ᠤᠨ ᠴᠠᠯᠢᠩ ᠬᠥᠯᠥᠰᠦᠨ ᠳᠤ ᠬᠠᠷᠠᠭᠠᠯᠵᠠᠯ ᠦᠵᠡᠭᠦᠯᠦᠭᠰᠡᠨ ᠦᠭᠡᠢ ᠪᠢᠯᠡ᠃ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠪᠠᠭᠰᠢ ᠨᠠᠷ ᠨᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠲᠠᠭᠳᠠᠵᠤ ᠪᠣᠯᠣᠰᠢ ᠦᠭᠡᠢ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠪᠠᠭᠰᠢ ᠨᠠᠷ ᠲᠠᠢ ᠠᠳᠠᠯᠢᠬᠠᠨ ᠬᠠᠷᠠᠭᠠᠯᠵᠠᠯ ᠭᠦᠷᠳᠡᠪᠡᠯ ᠵᠣᠬᠢᠨ᠎ᠠ︾ ᠭᠡᠵᠦ ᠶᠠᠷᠢᠵᠤ ᠪᠠᠶᠢᠯ᠎ᠠ᠃       ᠭᠡᠰᠢᠭᠦᠨ ᠴᠡᠷᠴᠡᠭᠮ᠎ᠠ ᠶᠢᠨ ᠲᠠᠨᠢᠯᠴᠠᠭᠤᠯᠤᠭᠰᠠᠨ ᠢᠶᠠᠷ᠂ ᠡᠸᠡᠩᠬᠢ ᠬᠤᠰᠢᠭᠤᠨ ᠤ ᠰᠢᠨᠡᠬᠡᠨ ᠪᠠᠷᠠᠭᠤᠨ ᠰᠤᠮᠤ ᠶᠢᠨ ︽ᠨᠤᠲᠤᠭ︾ ᠬᠡᠦᠬᠡᠳ ᠤᠨ ᠴᠡᠴᠡᠷᠯᠢᠭ ᠪᠣᠯ 2002 ᠣᠨ ᠳᠤ ᠪᠠᠶᠢᠭᠤᠯᠤᠭᠳᠠᠭᠰᠠᠨ ᠦᠨᠳᠦᠰᠦᠨ ᠱᠠᠲᠤᠨ ᠤ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠪᠣᠯᠣᠨ᠎ᠠ᠃ ᠲᠤᠰ ᠴᠡᠴᠡᠷᠯᠢᠭ ᠨᠢ ᠬᠤᠷᠢᠨ ᠵᠢᠯ ᠤᠨ ᠲᠤᠷᠰᠢ 722 ᠬᠡᠦᠬᠡᠳ ᠢ ᠬᠥᠮᠥᠵᠢᠭᠦᠯᠵᠦ᠂ ᠤᠷᠢᠳ ᠬᠤᠵᠢᠳ 62 ᠠᠮᠢᠳᠤᠷᠠᠯ ᠬᠦᠴᠢᠷᠳᠡᠯᠲᠡᠢ ᠭᠡᠷ ᠪᠦᠯᠢ ᠶᠢᠨ ᠬᠡᠦᠬᠡᠳ ᠲᠤ ᠰᠦᠢᠳᠬᠡᠯ ᠬᠤᠷᠢᠶᠠᠬᠤ ᠦᠭᠡᠢ ᠰᠤᠷᠭᠠᠨ ᠬᠥᠮᠦᠵᠢᠯ ᠬᠦᠷᠲᠡᠭᠡᠵᠦ᠂ ᠵᠣᠭᠤᠰ ᠤᠨ ᠲᠤᠭ᠎ᠠ ᠨᠢ 30 ᠭᠠᠷᠤᠢ ᠲᠦᠮᠡᠨ ᠲᠥᠭᠦᠷᠢᠭ ᠬᠦᠷᠴᠡᠢ᠃ ᠣᠳᠣᠬᠠᠨ ᠳᠤ ᠲᠤᠰ ᠬᠡᠦᠬᠡᠳ ᠤᠨ ᠴᠡᠴᠡᠷᠯᠢᠭ ᠨᠢ ᠲᠣᠭᠲᠠᠭᠠᠯ ᠶᠣᠰᠣᠭᠠᠷ ᠰᠤᠷᠤᠬᠴᠢᠳ ᠠᠴᠠ ᠰᠠᠷ᠎ᠠ ᠪᠦᠷᠢ ᠨᠠᠶᠢᠳᠠᠨ ᠬᠠᠮᠢᠶᠠᠷᠤᠭᠤᠯᠬᠤ ᠰᠦᠢᠳᠬᠡᠯ 520 ᠲᠥᠭᠦᠷᠢᠭ᠂ ᠬᠤᠭᠤᠯᠠᠨ ᠤ ᠰᠦᠢᠳᠬᠡᠯ 440 ᠲᠥᠭᠦᠷᠢᠭ ᠬᠤᠷᠢᠶᠠᠵᠤ᠂ ᠰᠦᠢᠳᠬᠡᠯ ᠬᠤᠷᠢᠶᠠᠬᠤ ᠪᠠᠷᠢᠮᠵᠢᠶ᠎ᠠ ᠨᠢ ᠠᠳᠠᠯᠢ ᠲᠠᠰ ᠤᠨ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠠᠴᠠ ᠳᠣᠣᠷ᠎ᠠ ᠪᠠᠶᠢᠳᠠᠭ᠃ ᠭᠡᠪᠡᠴᠦ ᠮᠠᠯᠵᠢᠬᠤ ᠣᠷᠣᠨ ᠤ ᠵᠠᠷᠢᠮ ᠭᠡᠷ ᠤᠨ ᠠᠬᠠᠮᠠᠳ ᠮᠥᠨ ᠬᠦ ᠲᠣᠭᠲᠠᠭᠰᠠᠨ ᠴᠠᠭ ᠲᠠᠭᠠᠨ ᠬᠡᠦᠬᠡᠳ ᠤᠨ ᠢᠶᠠᠨ ᠨᠠᠶᠢᠳᠠᠨ ᠬᠠᠮᠢᠶᠠᠷᠤᠭᠤᠯᠬᠤ ᠰᠦᠢᠳᠬᠡᠯ ᠢᠶᠠᠨ ᠲᠤᠰᠢᠶᠠᠬᠤ ᠦᠭᠡᠢ᠂ ᠥᠷᠢᠲᠦᠭᠦ ᠦᠵᠡᠭᠳᠡᠯ ᠬᠦᠨᠳᠦ ᠨᠣᠴᠢᠲᠠᠢ ᠣᠷᠣᠰᠢᠵᠤ ᠪᠤᠢ᠃ ᠲᠣᠰ ᠴᠡᠴᠡᠷᠯᠢᠭ ᠲᠤ ᠨᠡᠶᠢᠳᠡ 14 ᠪᠠᠭᠰᠢ ᠠᠵᠢᠯᠲᠠᠨ ᠲᠠᠢ᠂ ᠬᠥᠮᠥᠨ ᠪᠦᠷᠢ ᠶᠢᠨ ᠰᠠᠷ᠎ᠠ ᠶᠢᠨ ᠴᠠᠯᠢᠩ ᠨᠢ 1500 — 2500 ᠲᠥᠭᠦᠷᠢᠭ ᠤᠨ ᠬᠤᠭᠤᠷᠣᠨᠳᠤ ᠪᠠᠶᠢᠵᠤ᠂ ᠡᠭᠦᠨ ᠳᠤ ᠲᠠᠪᠤᠨ ᠵᠦᠢᠯ ᠤᠨ ᠳᠠᠭᠠᠳᠬᠠᠯ ᠪᠠ ᠣᠷᠣᠨ ᠰᠠᠭᠤᠴᠠ ᠶᠢᠨ ᠨᠠᠶᠢᠳᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠪᠠᠭᠲᠠᠭᠠᠬᠤ ᠦᠭᠡᠢ᠃ ᠲᠡᠷᠡ ᠮᠥᠷᠲᠡᠭᠡᠨ ᠲᠣᠰ ᠴᠡᠴᠡᠷᠯᠢᠭ ᠨᠢ ᠥᠪᠡᠷ ᠢᠶᠠᠨ ᠪᠡᠯᠡ ᠮᠥᠩᠭᠦ ᠭᠠᠷᠭᠠᠵᠤ᠂ ᠪᠠᠭᠰᠢ ᠠᠵᠢᠯᠲᠠᠳ ᠤᠨ ᠢᠶᠠᠨ ᠪᠣᠯᠪᠠᠰᠤᠷᠠᠯ ᠭᠦᠷᠳᠡᠭᠦ᠂ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ ᠵᠡᠷᠭᠡ ᠶᠢ ᠳᠡᠮᠵᠢᠭᠦ ᠶᠢᠨ ᠬᠠᠮᠲᠤ ᠡᠳᠦᠷ ᠲᠤᠲᠤᠮ ᠤᠨ ᠵᠠᠷᠤᠳᠠᠯ ᠰᠦᠢᠳᠬᠡᠯ᠂ ᠠᠯᠪᠠᠨ ᠤ ᠵᠠᠷᠤᠳᠠᠯ᠂ ᠲᠦᠯᠡᠰᠢᠨ ᠤ ᠵᠠᠷᠤᠳᠠᠯ ᠵᠡᠷᠭᠡ ᠪᠠᠨ ᠬᠠᠷᠢᠭᠤᠴᠠᠵᠤ᠂ ᠣᠷᠣᠯᠭ᠎ᠠ ᠨᠢ ᠵᠠᠷᠤᠯᠭ᠎ᠠ ᠳᠠᠭᠠᠨ ᠬᠦᠷᠬᠦ ᠦᠭᠡᠢ ᠪᠠᠶᠢᠳᠠᠭ᠃       ᠲᠡᠷᠡ ᠪᠠᠰᠠ᠂ ᠳᠡᠭᠡᠳᠦ ᠱᠠᠲᠤᠨ ᠤ ᠵᠠᠰᠠᠭ ᠤᠨ ᠣᠷᠳᠣᠨ ᠪᠠ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠳᠠᠲᠠᠢ ᠭᠠᠵᠠᠷ ᠲᠤᠨᠢ ᠬᠦᠷᠴᠦ ᠪᠣᠳᠠᠲᠤ ᠪᠠᠶᠢᠳᠠᠯ ᠢ ᠭᠦᠨᠵᠡᠭᠡᠢ ᠰᠢᠨᠵᠢᠯᠡᠨ ᠪᠠᠶᠢᠴᠠᠭᠠᠵᠤ᠂ ᠲᠣᠰ ᠴᠡᠴᠡᠷᠯᠢᠭ ᠪᠠ ᠪᠤᠰᠤᠳ ᠠᠳᠠᠯᠢ ᠰᠢᠨᠵᠢ ᠴᠢᠨᠠᠷ ᠲᠠᠢ ᠠᠷᠠᠳ ᠠᠴᠠ ᠡᠷᠭᠢᠯᠡᠭᠰᠡᠨ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠣᠳᠠᠲᠠᠢ ᠬᠦᠴᠢᠷᠳᠡᠯ ᠢ ᠰᠢᠢᠳᠪᠦᠷᠢᠯᠡᠬᠦ ᠳᠤ ᠨᠠᠩ ᠶᠡᠭᠡ ᠪᠠᠲᠤᠯᠠᠭ᠎ᠠ ᠬᠠᠩᠭᠠᠵᠤ ᠦᠭᠭᠦ ᠶᠢ ᠬᠦᠰᠡᠵᠦ ᠪᠠᠶᠢᠯ᠎ᠠ᠃ ᠳᠠᠷᠤᠢ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠪᠡᠯᠡ ᠮᠥᠩᠭᠦ ᠶᠢᠨ ᠳᠡᠮᠵᠢᠯᠭᠡ ᠬᠠᠩᠭᠠᠵᠤ᠂ ᠪᠠᠭᠰᠢ ᠠᠵᠢᠯᠲᠠᠳ ᠤᠨ ᠴᠠᠯᠢᠩ ᠬᠥᠯᠥᠰᠦ ᠵᠢᠴᠢ ︽ᠲᠠᠪᠤᠨ ᠳᠠᠭᠠᠳᠬᠠᠯ ᠨᠢᠭᠡ ᠮᠥᠩᠭᠦ︾ ᠶᠢᠨ ᠠᠰᠠᠭᠤᠳᠠᠯ ᠢ ᠰᠢᠢᠳᠪᠦᠷᠢᠯᠡᠨ ᠥᠭᠴᠦ᠂ ᠰᠤᠷᠬᠤ ᠨᠠᠰᠤᠨ ᠠᠴᠠ ᠡᠮᠦᠨᠡᠬᠢ ᠬᠡᠦᠬᠡᠳ ᠲᠤ ᠨᠠᠩ ᠰᠠᠶᠢᠨ ᠰᠤᠷᠭᠠᠨ ᠬᠥᠮᠦᠵᠢᠯ ᠬᠦᠷᠲᠡᠭᠡᠬᠦ ᠶᠢ ᠬᠦᠰᠡᠨ ᠨᠠᠶᠢᠳᠠᠵᠤ᠂ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ ᠭᠡᠯᠪᠡᠷᠢ ᠪᠠᠷ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠰᠤᠷᠭᠠᠨ ᠬᠥᠮᠦᠵᠢᠯ᠂ ᠵᠢᠭᠠᠨ ᠰᠤᠷᠭᠠᠯᠲᠠ ᠪᠠ ᠬᠡᠦᠬᠡᠳ ᠢ ᠠᠰᠠᠷᠠᠨ ᠬᠥᠮᠥᠵᠢᠭᠦᠯᠬᠦ ᠳᠤ ᠬᠡᠷᠡᠭᠰᠡᠬᠦ ᠪᠡᠯᠡ ᠮᠥᠩᠭᠦ ᠶᠢᠨ ᠪᠠᠲᠤᠯᠠᠭ᠎ᠠ ᠬᠠᠩᠭᠠᠪᠠᠯ ᠵᠣᠬᠢᠨ᠎ᠠ ᠭᠡᠵᠦ ᠶᠠᠷᠢᠵᠤ ᠪᠠᠶᠢᠯ᠎ᠠ᠃
 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号