ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠨᠠᠮ ᠠᠴᠠ ᠠᠷᠠᠳ ᠲᠦᠮᠡᠨ ᠢ ᠤᠳᠤᠷᠢᠳᠤᠨ ᠤᠷᠲᠤ ᠬᠤᠭᠤᠴᠠᠭ᠎ᠠ ᠪᠠᠷ ᠬᠠᠶᠢᠨ ᠰᠦᠪᠡᠭᠴᠢᠯᠡᠵᠦ ᠦᠢᠯᠡᠳᠦᠯᠭᠡᠵᠢᠭᠦᠯᠦᠭᠰᠡᠨ ᠴᠢᠬᠤᠯᠠ ᠶᠡᠭᠡ ᠦᠷ᠎ᠡ ᠪᠦᠲᠦᠭᠡᠯ ᠮᠥᠨ
ᠨᠡᠶᠢᠲᠡᠯᠡᠭᠰᠡᠨ ᠴᠠᠭ᠄
2023/3/30
                     ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ       — ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ ᠲᠤᠬᠠᠶ ᠥᠭᠦᠯᠡᠬᠦ ᠨᠢ       ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠨᠤᠯ ᠢ ᠬᠤᠷᠢᠶᠠᠩᠭᠤᠶᠢᠯᠠᠨ ᠳᠤᠷᠠᠳᠬᠤ ᠶᠢᠨ ᠬᠠᠮᠲᠤ ᠭᠦᠨᠵᠡᠭᠡᠢ ᠲᠣᠳᠣᠷᠬᠠᠶᠢᠯᠠᠨ ᠦᠭᠦᠯᠡᠭᠰᠡᠨ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠤᠨᠤᠯ ᠤᠨ ᠰᠢᠨ᠎ᠡ ᠡᠭᠦᠳᠦᠯᠲᠡ ᠮᠥᠨ᠂ ᠰᠢᠨᠵᠢᠯᠡᠬᠦ ᠤᠬᠠᠭᠠᠨ ᠤ ᠨᠡᠶᠢᠭᠡᠮ ᠵᠢᠷᠤᠮ ᠤᠨ ᠬᠠᠮᠤᠭ ᠤᠨ ᠰᠢᠨ᠎ᠡ ᠴᠢᠬᠤᠯᠠ ᠶᠡᠭᠡ ᠦᠷ᠎ᠡ ᠪᠦᠲᠦᠭᠡᠯ ᠮᠥᠨ︾᠃ ᠰᠢᠨ᠎ᠡ ᠪᠠᠷ ᠲᠥᠪ ᠬᠤᠷᠢᠶ᠎ᠠ ᠳᠤ ᠤᠷᠤᠭᠰᠠᠨ ᠭᠡᠰᠢᠭᠦᠨ᠂ ᠣᠷᠣᠯᠠᠭᠴᠢ ᠭᠡᠰᠢᠭᠦᠨ ᠪᠣᠯᠤᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠯᠢ ᠤᠯᠠᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠪᠡ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠬᠠᠷᠠᠭᠠᠰᠤ ᠥᠷᠭᠡᠨ᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠨᠤᠯ ᠢ ᠲᠦᠢᠯ ᠤᠨ ᠶᠡᠭᠡ ᠪᠠᠷ ᠪᠠᠶᠠᠯᠢᠭᠵᠢᠭᠤᠯᠤᠨ ᠬᠥᠭᠵᠢᠭᠦᠯᠵᠦ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠤᠨᠤᠯ ᠤᠨ ᠴᠢᠨᠠᠷ᠂ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ ᠲᠠᠢ ᠪᠠᠶᠢᠵᠤ᠂ ᠪᠦᠬᠦ ᠨᠠᠮ ᠢᠶᠠᠷ ᠢᠶᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠵᠥᠪ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠵᠤ ᠪᠦᠬᠦ ᠲᠠᠯ᠎ᠠ ᠪᠠᠷ ᠡᠵᠡᠮᠰᠢᠨ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠠᠶᠠᠨ ᠳᠠᠭᠠᠨ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃       ᠣᠷᠴᠢᠨ ᠦᠶ᠎ᠡ ᠠᠴᠠ ᠨᠠᠭᠠᠰᠢ᠂ ᠤᠯᠤᠰ ᠣᠷᠣᠨ ᠭᠤᠲᠤᠭᠠᠯ ᠳᠤᠷᠤᠮᠵᠢᠯᠠᠯ ᠠᠮᠰᠠᠵᠤ᠂ ᠠᠷᠠᠳ ᠲᠦᠮᠡᠨ ᠭᠠᠢ ᠵᠣᠪᠠᠯᠠᠩ ᠠᠮᠰᠠᠵᠤ᠂ ᠰᠤᠶᠤᠯ ᠪᠣᠯᠪᠠᠰᠤᠨ ᠲᠣᠭᠤᠰᠣᠨ ᠳᠤ ᠳᠠᠷᠤᠭᠳᠠᠵᠤ᠂ ᠳᠤᠮᠳᠠᠳᠤ ᠶᠢᠨ ᠦᠨᠳᠦᠰᠦᠲᠡᠨ ᠤᠷᠢᠳ ᠡᠮᠦᠨ᠎ᠡ ᠭᠠᠷᠤᠭ᠎ᠠ ᠦᠭᠡᠢ ᠭᠠᠢ ᠵᠣᠪᠠᠯᠠᠩ ᠳᠤ ᠤᠴᠠᠷᠠᠪᠠ᠃ ᠦᠨᠳᠦᠰᠦᠲᠡᠨ ᠢᠶᠠᠨ ᠮᠥᠬᠦᠯ ᠤᠨ ᠠᠶᠤᠯ ᠠᠴᠠ ᠠᠪᠤᠷᠠᠬᠤ ᠶᠢᠨ ᠲᠥᠯᠥᠭᠡ ᠲᠤᠭ᠎ᠠ ᠦᠭᠡᠢ ᠤᠯᠠᠨ ᠴᠢᠩ ᠵᠤᠷᠢᠭᠳᠠᠨ ᠤᠷᠢᠶᠠᠯᠠᠨ ᠵᠢᠳᠭᠦᠵᠦ᠂ ᠤᠯᠤᠰ ᠢᠶᠠᠨ ᠠᠪᠤᠷᠠᠬᠤ ᠡᠯ᠎ᠡ ᠵᠦᠢᠯ ᠤᠨ ᠲᠥᠰᠦᠯ ᠵᠠᠯᠭᠠᠭ᠎ᠠ ᠪᠠᠷ ᠭᠠᠷᠴᠤ ᠢᠷᠡᠭᠰᠡᠨ ᠪᠣᠯᠪᠠᠴᠤ ᠴᠥᠮ ᠢᠯᠠᠭᠳᠠᠯ ᠢᠶᠠᠷ ᠲᠡᠭᠦᠰᠪᠡ᠃ ᠳᠤᠮᠳᠠᠳᠤ ᠤᠯᠤᠰ ᠤᠨ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠬᠦᠨᠳᠦ ᠡᠭᠦᠷᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠡᠶ᠎ᠡ ᠳᠡᠭᠡᠷ᠎ᠡ ᠲᠡᠦᠬᠡᠨ ᠶᠣᠰᠣᠭᠠᠷ ᠲᠠᠯᠪᠢᠭᠳᠠᠪᠠ᠃ ᠵᠠᠭᠤᠨ ᠵᠢᠯ ᠤᠨ ᠲᠤᠷᠰᠢ᠂ ᠮᠠᠨ ᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠢᠭᠰᠡᠨ ᠠᠯᠢᠪᠠ ᠲᠡᠮᠡᠴᠡᠯ ᠪᠣᠯ ᠳᠠᠷᠤᠢ ᠮᠠᠨ ᠤ ᠤᠯᠤᠰ ᠢᠶᠠᠨ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠳᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠶᠤᠮ᠃ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠡ ᠳᠤ᠂ ᠨᠠᠮ ᠠᠴᠠ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠴᠢᠰᠤᠲᠤ ᠪᠠᠶᠢᠯᠳᠤᠭᠠᠨ ᠬᠢᠵᠦ᠂ ᠨᠤᠭᠤᠷᠠᠰᠢ ᠦᠭᠡᠢ ᠲᠡᠮᠡᠴᠡᠵᠦ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠰᠡᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠢ ᠪᠠᠶᠢᠭᠤᠯᠵᠤ᠂ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠶᠢ ᠪᠡᠶᠡᠯᠡᠭᠦᠯᠵᠦ᠂ ᠣᠳᠣᠬᠢᠴᠢᠯᠠᠯᠲᠠ ᠶᠢ ᠪᠡᠶᠡᠯᠡᠭᠦᠯᠬᠦ ᠳᠤ ᠦᠨᠳᠦᠰᠦᠨ ᠨᠡᠶᠢᠭᠡᠮ ᠤᠨ ᠨᠥᠬᠦᠴᠡᠯ ᠢ ᠪᠦᠷᠢᠯᠳᠦᠭᠦᠯᠵᠦ ᠥᠭᠴᠡᠢ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠲᠠᠷᠠᠭ᠎ᠠ᠂ ᠨᠠᠮ ᠠᠴᠠ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠵᠢᠷᠤᠮᠲᠤ ᠬᠤᠪᠢᠰᠬᠠᠯ ᠬᠢᠵᠦ᠂ ᠨᠡᠶᠢᠭᠡᠮ ᠵᠢᠷᠤᠮ ᠤᠨ ᠦᠨᠳᠦᠰᠦᠨ ᠪᠠᠶᠢᠭᠤᠯᠤᠯ ᠢ ᠲᠣᠭᠲᠠᠭᠠᠵᠤ᠂ ᠪᠡᠶ᠎ᠡ ᠪᠠᠨ ᠳᠠᠭᠠᠭᠠᠭᠰᠠᠨ ᠨᠡᠯᠢᠶᠡᠳ ᠪᠦᠷᠢᠨ ᠪᠦᠲᠦᠨ ᠠᠵᠤ ᠦᠢᠯᠡᠳᠪᠦᠷᠢ ᠶᠢᠨ ᠰᠢᠰᠲ᠋ᠧᠮ ᠪᠠ ᠤᠯᠤᠰ ᠠᠷᠠᠳ ᠤᠨ ᠠᠵᠤ ᠠᠬᠤᠶ ᠶᠢᠨ ᠰᠢᠰᠲ᠋ᠧᠮ ᠢ ᠪᠠᠶᠢᠭᠤᠯᠵᠤ᠂ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠳᠤ ᠦᠨᠳᠦᠰᠦᠨ ᠤᠯᠤᠰ ᠲᠦᠷᠦ ᠶᠢᠨ ᠤᠷᠢᠲᠠᠯ ᠪᠠ ᠡᠷᠬᠢᠮ ᠨᠠᠨᠳᠢᠨ ᠲᠤᠷᠰᠢᠯᠭ᠎ᠠ᠂ ᠤᠨᠤᠯ ᠤᠨ ᠪᠡᠯᠡᠳᠬᠡᠯ᠂ ᠪᠣᠳᠠᠰ ᠤᠨ ᠰᠠᠭᠤᠷᠢ ᠶᠢ ᠲᠠᠯᠪᠢᠵᠤ ᠥᠭᠴᠡᠶ᠃ ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ ᠵᠢᠷᠤᠮᠳᠤ ᠪᠦᠳᠦᠭᠡᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠳᠤ᠂ ᠨᠠᠮ ᠠᠴᠠ ᠨᠠᠮ ᠪᠠ ᠤᠯᠤᠰ ᠤᠨ ᠠᠵᠢᠯ ᠤᠨ ᠭᠤᠣᠯᠳᠠᠯᠭ᠎ᠠ ᠶᠢ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠳᠡᠭᠡᠷ᠎ᠡ ᠰᠢᠯᠵᠢᠭᠦᠯᠬᠦ᠂ ᠥᠭᠡᠷᠡᠴᠢᠯᠡᠯᠲᠡ ᠨᠡᠭᠡᠭᠡᠯᠳᠡ ᠬᠢᠭᠦ ᠲᠡᠦᠬᠡᠲᠦ ᠴᠢᠨᠠᠷᠲᠠᠶ ᠰᠢᠢᠳᠪᠦᠷᠢᠲᠦ ᠪᠤᠳᠤᠯᠭ᠎ᠠ ᠭᠠᠷᠭᠠᠵᠤ᠂ ᠦᠢᠯᠡᠳᠦᠯᠭᠡ ᠶᠢᠨ ᠰᠠᠭᠤᠷᠢᠨ ᠳᠡᠭᠡᠷᠡᠬᠢ ᠤᠨᠤᠯ ᠤᠨ ᠰᠢᠨ᠎ᠡ ᠡᠭᠦᠳᠦᠯᠲᠡ᠂ ᠲᠦᠷᠢᠮ ᠤᠨ ᠰᠢᠨ᠎ᠡ ᠡᠭᠦᠳᠦᠯᠲᠡ᠂ ᠰᠣᠶᠣᠯ ᠤᠨ ᠰᠢᠨ᠎ᠡ ᠡᠭᠦᠳᠦᠯᠲᠡ ᠵᠢᠴᠢ ᠪᠤᠰᠤᠳ ᠡᠯ᠎ᠡ ᠲᠠᠯ᠎ᠠ ᠶᠢᠨ ᠰᠢᠨ᠎ᠡ ᠡᠭᠦᠳᠦᠯᠲᠡ‌‍ᠶᠢ ᠶᠡᠭᠡ ᠪᠠᠷ ᠠᠬᠢᠭᠤᠯᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠬᠡᠷᠡᠭᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠰᠢᠨ᠎ᠡ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠭᠤᠯᠤᠯ ᠤᠨ ᠪᠠᠲᠤᠯᠠᠭ᠎ᠠ ᠪᠠ ᠲᠦᠷᠭᠡᠨ ᠬᠥᠭᠵᠢᠯᠲᠡ ᠶᠢᠨ ᠪᠣᠳᠠᠰ ᠤᠨ ᠨᠥᠬᠦᠴᠡᠯ ᠢ ᠬᠠᠩᠭᠠᠪᠠ᠃       ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠪᠥᠬᠦ ᠨᠠᠮ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ ᠡᠷᠡᠮᠡᠭᠡᠶᠢᠯᠡᠨ ᠤᠷᠤᠭᠰᠢᠯᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠭᠢ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠭᠢ ᠣᠷᠳᠣ ᠬᠤᠭᠤᠴᠠᠭᠠᠨ ᠤ ᠬᠠᠶᠢᠨ ᠰᠥᠪᠡᠭᠴᠢᠯᠡᠯᠲᠡ ᠪᠠ ᠦᠢᠯᠡᠳᠦᠯᠭᠡ ᠶᠢᠨ ᠰᠠᠭᠤᠷᠢᠨ ᠳᠡᠭᠡᠷ᠎ᠡ ᠦᠷᠭᠦᠯᠵᠢᠯᠡᠨ ᠤᠷᠤᠭᠰᠢᠯᠠᠵᠤ᠂ ᠣᠨᠣᠯ ᠪᠠ ᠦᠢᠯᠡᠳᠦᠯᠭᠡ ᠶᠢᠨ ᠲᠠᠯ᠎ᠠ ᠪᠠᠷ ᠰᠢᠨ᠎ᠡ ᠶᠢ ᠡᠭᠦᠳᠬᠦ ᠰᠢᠪᠲᠤᠯᠤᠯᠲᠠ ᠶᠢ ᠲᠠᠰᠤᠷᠠᠯᠲᠠ ᠥᠬᠡᠶ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠮᠵᠢᠯᠲᠡ ᠲᠠᠢ ᠳᠥᠯᠭᠢᠨ ᠠᠬᠢᠭᠤᠯᠵᠤ ᠥᠷᠭᠡᠳᠬᠡᠪᠡ᠃ ᠲᠠᠨᠢᠯᠲᠠ ᠶᠢᠨ ᠲᠠᠯ᠎ᠠ ᠪᠠᠷ ᠲᠠᠰᠤᠷᠠᠯᠲᠠ ᠦᠭᠡᠢ ᠭᠦᠨᠵᠡᠭᠡᠶᠢᠷᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠭᠦᠳᠴᠦ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠦᠰᠦᠷᠦᠯᠲᠡ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠨᠳᠦᠰᠦᠨ ᠵᠢᠷᠤᠮᠯᠠᠯ ᠬᠠᠩᠭᠠᠵᠠᠢ︔ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠭᠤᠯᠤᠭᠳᠠᠬᠤᠨ ᠪᠠ ᠮᠥᠨ ᠴᠢᠨᠠᠷ ᠤᠨ ᠲᠤᠬᠠᠢ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ ᠪᠠ ᠴᠢᠬᠤᠯᠠ ᠶᠡᠭᠡ ᠵᠠᠷᠴᠢᠮ ᠢ ᠬᠤᠷᠢᠶᠠᠩᠭᠤᠶᠢᠯᠠᠨ ᠪᠦᠷᠢᠯᠳᠦᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠨᠤᠯ ᠤᠨ ᠰᠢᠰᠲ᠋ᠧᠮ ᠢ ᠠᠩᠬ᠎ᠠ ᠠᠯᠬᠤᠮ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠨᠡᠩ ᠲᠣᠳᠣᠷᠬᠠᠢ᠂ ᠨᠡᠩ ᠰᠢᠨᠵᠢᠯᠡᠬᠦ ᠤᠬᠠᠭᠠᠨᠴᠢ᠂ ᠨᠡᠩ ᠣᠶᠢᠯᠠᠭᠠᠮᠵᠢᠲᠠᠢ ᠪᠥᠭᠡᠳ ᠪᠣᠯᠤᠮᠵᠢᠲᠠᠢ ᠪᠤᠯᠭᠠᠪᠠ᠃ ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠵᠡᠷᠭᠡ ᠠᠯᠢ ᠤᠯᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠭᠦᠨᠵᠡᠭᠡᠢ ᠬᠡᠷᠡᠭᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠪᠠᠲᠤ ᠴᠢᠩᠭ᠎ᠠ ᠪᠠᠶᠢᠯᠳᠤᠬᠤ ᠪᠤᠳᠤᠯᠭ᠎ᠠ ᠶᠢᠨ ᠲᠦᠰᠢᠭ ᠲᠤᠯᠭᠠᠭᠤᠷᠢ ᠬᠠᠩᠭᠠᠪᠠ᠃ ᠦᠢᠯᠡᠳᠦᠯᠭᠡ ᠶᠢᠨ ᠲᠠᠯ᠎ᠠ ᠪᠠᠷ ᠲᠠᠰᠤᠷᠠᠯᠳᠠ ᠦᠭᠡᠢ ᠪᠠᠶᠠᠯᠢᠭᠵᠢᠭᠤᠯᠵᠤ᠂ ᠠᠯᠢ ᠤᠯᠠᠨ ᠬᠤᠪᠢᠰᠤᠯᠲᠠ ᠶᠢᠨ ᠴᠢᠨᠠᠷᠲᠠᠢ ᠦᠢᠯᠡᠳᠦᠯᠭᠡ ᠶᠢ ᠠᠬᠢᠭᠤᠯᠵᠤ᠂ ᠠᠯᠢ ᠤᠯᠠᠨ ᠰᠢᠪᠲᠤᠯᠤᠯᠲᠠ ᠶᠢᠨ ᠴᠢᠨᠠᠷᠲᠠᠢ ᠠᠬᠢᠯᠲᠡ ᠶᠢ ᠪᠡᠶᠡᠯᠡᠭᠦᠯᠵᠦ᠂ ᠠᠯᠢ ᠤᠯᠠᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠵᠤ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠤᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠵᠤ᠂ ᠢᠯᠠᠩᠭᠤᠶ᠎ᠠ ᠲᠦᠢᠯ ᠤᠨ ᠶᠠᠳᠠᠭᠤ ᠬᠦᠴᠢᠷᠲᠡᠯᠲᠡᠢ ᠪᠠᠶᠢᠬᠰᠠᠨ ᠠᠰᠠᠭᠤᠳᠠᠯ ᠢ ᠠᠷᠢᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠨᠡᠩ ᠪᠦᠷᠢᠨ ᠲᠡᠭᠦᠯᠳᠡᠷ ᠲᠦᠷᠢᠮ ᠤᠨ ᠪᠠᠲᠤᠯᠠᠭ᠎ᠠ᠂ ᠨᠡᠩ ᠪᠠᠲᠤ ᠪᠠᠬᠢ ᠪᠣᠳᠠᠰ ᠤᠨ ᠰᠠᠭᠤᠷᠢ᠂ ᠨᠡᠩ ᠰᠠᠨᠠᠭᠠᠴᠢᠯᠠᠭ᠎ᠠ ᠲᠠᠢ ᠤᠶᠤᠨ ᠰᠠᠨᠠᠭᠠᠨ ᠤ ᠬᠦᠴᠦᠨ ᠴᠢᠳᠠᠯ ᠢ ᠬᠠᠩᠭᠠᠪᠠ᠃       ᠶᠡᠷᠦᠩᠬᠡᠶ ᠱᠦᠵᠢ ᠰᠢ ᠶᠢᠨ ᠫᠢᠩ᠄ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠮᠠᠨ ᠤ ᠨᠠᠮ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ ᠣᠷᠳᠣ ᠬᠤᠭᠤᠴᠠᠭᠠᠨ ᠤ ᠬᠠᠶᠢᠨ ᠰᠥᠪᠡᠭᠴᠢᠯᠡᠯᠲᠡ ᠪᠠ ᠦᠢᠯᠡᠳᠦᠯᠭᠡ ᠶᠢᠨ ᠳᠤᠮᠳᠠ ᠲᠦᠮᠡᠨ ᠪᠡᠷᠬᠡ ᠮᠢᠩᠭᠠᠨ ᠵᠣᠪᠠᠭᠤᠷᠢ ᠶᠢ ᠳᠤᠭᠤᠯᠵᠤ᠂ ᠯᠤᠲᠤ ᠶᠡᠭᠡ ᠦᠨ᠎ᠡ ᠲᠦᠯᠦᠪᠦᠷᠢ ᠭᠠᠷᠭᠠᠵᠤ ᠪᠠᠶᠢᠭᠠᠳ ᠣᠯᠤᠭᠰᠠᠨ ᠴᠢᠬᠤᠯᠠ ᠶᠡᠭᠡ ᠦᠷ᠎ᠡ ᠪᠦᠲᠦᠭᠡᠯ ᠮᠥᠨ᠂ ᠪᠢᠳᠡ ᠡᠷᠬᠡᠪᠰᠢ ᠬᠤᠪᠢ ᠳᠠᠬᠢᠨ ᠨᠠᠨᠳᠢᠩᠨᠠᠵᠤ᠂ ᠢᠮᠠᠭᠲᠠ ᠪᠠᠷᠢᠮᠲᠠᠯᠠᠵᠤ᠂ ᠲᠠᠰᠤᠷᠠᠯᠲᠠ ᠥᠬᠡᠶ ᠥᠷᠭᠡᠳᠬᠡᠨ ᠭᠦᠨᠵᠡᠭᠡᠶᠢᠷᠡᠭᠦᠯᠬᠦ ᠬᠡᠷᠡᠭᠲᠡᠶ︾ ᠭᠡᠵᠦ ᠭᠦᠨᠵᠡᠭᠡᠢ ᠵᠢᠭᠠᠵᠤ ᠭᠠᠷᠭᠠᠪᠠ᠃ ᠰᠢᠨ᠎ᠡ ᠴᠠᠭ ᠦᠶ᠎ᠡ ᠳᠤ ᠤᠷᠤᠭᠠᠳ᠂ ᠨᠠᠮ ᠪᠠ ᠤᠯᠤᠰ ᠲᠤ ᠲᠤᠯᠭᠠᠷᠠᠵᠤ ᠪᠠᠶᠢᠭ᠎ᠠ ᠪᠠᠶᠢᠳᠠᠯ ᠤᠨ ᠪᠤᠳᠤᠯᠢᠶᠠᠨᠲᠠᠶ᠂ ᠲᠡᠮᠡᠴᠡᠯ ᠤᠨ ᠬᠦᠨᠳᠦ ᠨᠣᠴᠢᠲᠠᠶ᠂ ᠥᠭᠡᠷᠡᠴᠢᠯᠡᠯᠲᠡ ᠬᠦᠭᠵᠢᠯᠲᠡ ᠲᠤᠬᠳᠠᠭᠤᠨ ᠤ ᠡᠭᠦᠷᠭᠡ ᠶᠢᠨ ᠬᠠᠲᠠᠭᠤᠵᠢᠯᠲᠠᠢ ᠨᠢ ᠳᠡᠯᠡᠬᠡᠢ ᠳᠤ ᠬᠤᠪᠤᠷᠬᠠᠨ᠂ ᠲᠡᠦᠬᠡᠨ ᠳᠤ ᠬᠤᠪᠣᠷᠬᠠᠨ ᠶᠤᠮ᠂ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ ᠭᠤᠤᠯᠯᠠᠭᠴᠢ᠂ ᠪᠦᠬᠦ ᠨᠠᠮ ᠤᠨ ᠭᠤᠣᠯᠯᠠᠭᠴᠢ ᠪᠤᠯᠬᠤ ᠪᠠᠶᠢᠷᠢ ᠰᠠᠭᠤᠷᠢ ᠶᠢ ᠲᠤᠬᠳᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠬᠤ ᠪᠠᠶᠢᠷᠢ ᠰᠠᠭᠤᠷᠢ ᠶᠢ ᠲᠤᠬᠳᠠᠭᠠᠬᠰᠠᠨ ᠠᠴᠠ ᠨᠠᠮ ᠰᠠᠶ᠋ᠢ ᠨᠠᠮ ᠤᠨ ᠤᠷᠲᠤ ᠬᠤᠭᠤᠴᠠᠭ᠎ᠠ ᠪᠠᠷ ᠲᠥᠷᠥ ᠪᠠᠷᠢᠬᠤ᠂ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ᠂ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠪᠠᠶᠢᠬᠤ ᠶᠢ ᠨᠦᠯᠦᠭᠡᠯᠡᠵᠦ ᠪᠠᠶᠢᠭ᠎ᠠ ᠲᠤᠪᠤᠶᠢᠮ᠎ᠠ ᠵᠥᠷᠢᠴᠡᠯ ᠪᠠ ᠠᠰᠠᠭᠤᠳᠠᠯ ᠢ ᠬᠦᠴᠦᠲᠡᠢ ᠰᠢᠢᠳᠪᠦᠷᠢᠯᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠤᠴᠠᠰᠢ ᠦᠭᠡᠢ ᠲᠡᠦᠬᠡᠨ ᠶᠠᠪᠤᠴᠠ ᠳᠤ ᠣᠷᠣᠬᠤ ᠶᠢ ᠦᠨᠳᠦᠰᠦᠨ ᠠᠴᠠ ᠨᠢ ᠦᠨᠡᠨ ᠬᠦ ᠪᠠᠳᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠮᠵᠢᠯᠲᠠ ᠲᠠᠢ ᠪᠠᠷ ᠠᠬᠢᠭᠤᠯᠵᠤ ᠦᠷᠭᠡᠳᠭᠡᠪᠡ᠃ ︽ᠬᠤᠶᠠᠷ ᠢ ᠲᠣᠭᠲᠠᠭᠠᠬᠰᠠᠨ︾ ᠪᠣᠯ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭ᠋ᠤ᠂ ᠠᠯᠢᠪᠠ ᠲᠣᠭᠲᠠᠪᠤᠷᠢ ᠦᠭᠡᠢ ᠴᠢᠨᠠᠷ ᠢ ᠠᠷᠭᠠᠴᠠᠬᠤ ᠬᠠᠮᠤᠭ ᠤᠨ ᠶᠡᠭᠡ ᠲᠤᠬᠳᠠᠪᠤᠷᠢᠳᠦ ᠴᠢᠨᠠᠷ᠂ ᠬᠠᠮᠤᠭ ᠤᠨ ᠶᠡᠭᠡ ᠢᠳᠡ ᠬᠦᠴᠦᠨ᠂ ᠬᠠᠮᠤᠭ ᠤᠨ ᠶᠡᠭᠡ ᠪᠠᠲᠤᠯᠠᠭ᠎ᠠ ᠮᠥᠨ᠂ ᠡᠨᠡ  ᠨᠢ ᠰᠢᠨ᠎ᠡ ᠴᠠᠭ ᠦᠶ᠎ᠡ ᠶᠢᠨ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡᠨ ᠠᠬᠢᠴᠠ ᠶᠢ ᠠᠬᠢᠭᠤᠯᠬᠤ ᠳᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠲᠠᠢ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠵᠠᠢ᠃ ᠰᠢᠨ᠎ᠡ ᠠᠶᠠᠨ ᠳᠤ᠂ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠡᠷᠡᠰ ᠭᠤᠶᠢᠪᠢᠰᠢ ᠦᠭᠡᠢ ᠪᠠᠷ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠪᠠᠨ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶ᠎ᠠ  ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠵᠤ᠂ ᠵᠠᠮ ᠢᠶᠠᠨ ᠬᠤᠪᠢᠷᠠᠭᠤᠯᠬᠤ ᠦᠭᠡᠢ᠂ ᠵᠣᠷᠢᠭ ᠢᠶᠠᠨ ᠬᠤᠪᠢᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠤᠯᠤᠰ ᠪᠣᠯᠤᠨ ᠦᠨᠳᠦᠰᠦᠲᠡᠨ ᠤ ᠬᠥᠭᠵᠢᠯᠲᠡ ᠶᠢ ᠥᠪᠡᠷ ᠤᠨ ᠬᠦᠴᠦᠨ ᠤ ᠪᠠᠨ ᠰᠠᠭᠤᠷᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠠᠷᠳᠠᠩ ᠵᠠᠮ ᠢᠶᠠᠷ ᠲᠤᠮᠤ ᠠᠯᠬᠤᠮ ᠢᠶᠠᠷ ᠤᠷᠤᠭᠰᠢᠯᠠᠪᠠᠯ ᠯᠠᠪᠲᠠᠢ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠳᠦ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠳᠦᠭᠡᠨ ᠪᠠᠶᠢᠭᠤᠯᠵᠤ ᠴᠢᠳᠠᠨ᠎ᠠ᠃       ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ ᠪᠣᠯᠤᠨ ᠡᠷᠬᠡᠪᠰᠢ ᠪᠠᠲᠤ ᠡᠵᠡᠮᠳᠡᠬᠦ ᠴᠢᠬᠤᠯᠠ ᠶᠡᠭᠡ ᠵᠠᠷᠴᠢᠮ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠨᠡᠶᠢᠭᠡᠮ ᠵᠢᠷᠦᠮᠳᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠠᠤᠭ᠎ᠠ ᠲᠥᠰᠦᠪ ᠢ ᠵᠢᠷᠤᠭᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠣᠳᠣᠷᠬᠠᠶᠢᠯᠠᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠴᠠᠭ ᠦᠶ᠎ᠡ ᠶᠢᠨ ᠪᠦᠷᠢᠶ᠎ᠡ ᠢ ᠬᠠᠩᠭᠢᠨᠠᠭᠤᠯᠪᠠ᠃ ᠶᠡᠷᠦᠩᠬᠡᠶ ᠱᠦᠵᠢ ᠰᠢ ᠶᠢᠨ ᠫᠢᠩ ᠡᠨᠡ ᠤᠳᠠᠭᠠᠨ ᠤ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠲᠠᠯᠪᠢᠬᠤ ᠳᠠᠭᠠᠨ᠄ ︽ᠨᠠᠮ ᠤᠨ ᠤᠳᠤᠷᠢᠳᠤᠯᠭ᠎ᠠ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠨᠳᠦᠰᠦᠨ ᠴᠢᠭᠯᠡᠯ ᠂ ᠢᠷᠡᠭᠡᠳᠦᠶ ᠶᠢᠨ ᠬᠤᠪᠢ ᠵᠠᠶᠠᠭ᠎ᠠ᠂ ᠡᠴᠦᠰ ᠤᠨ ᠢᠯᠠᠵᠤ ᠢᠯᠠᠭᠳᠠᠬᠤ ᠲᠠᠢ ᠰᠢᠭᠤᠳ ᠬᠤᠯᠪᠣᠭᠳᠠᠨ᠎ᠠ︾᠂ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠡᠯ᠎ᠡ ᠤᠯᠤᠰ ᠤᠨ ᠣᠳᠣᠬᠢᠴᠢᠯᠠᠯᠲᠠ ᠶᠢᠨ ᠬᠠᠮᠲᠤ ᠶᠢᠨ ᠣᠨᠴᠠᠯᠢᠭ ᠲᠠᠢ ᠮᠦᠷᠳᠡᠭᠡᠨ ᠨᠡᠩ ᠴᠤ ᠥᠪᠡᠷ ᠤᠨ ᠤᠯᠤᠰ ᠤᠨ ᠪᠠᠶᠢᠳᠠᠯ ᠳᠠᠭᠠᠨ ᠰᠠᠭᠤᠷᠢᠯᠠᠭᠰᠠᠨ ᠢᠯᠡ ᠲᠣᠳᠣ ᠣᠨᠴᠠᠯᠢᠭ ᠲᠠᠢ ᠶᠤᠮ︾᠂ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠪᠡᠶ᠎ᠡ ᠪᠠᠨ ᠳᠠᠭᠠᠭᠠᠵᠤ ᠡᠵᠡᠨ ᠮᠡᠳᠡᠨ ᠣᠳᠣᠬᠢᠴᠢᠯᠠᠯᠲᠠ ᠲᠡᠶᠢᠰᠢ ᠤᠷᠤᠭᠰᠢᠯᠠᠬᠤ ᠳᠤ ᠦᠯᠢᠭᠡᠷ ᠳᠠᠭᠤᠷᠢᠶᠠᠯ ᠪᠤᠯᠵᠤ᠂ ᠲᠡᠭᠦᠨ ᠳᠤ ᠴᠤ᠋ ᠰᠢᠨ᠎ᠡ ᠰᠣᠩᠭᠤᠯᠲᠠ ᠶᠢ ᠬᠠᠩᠭᠠᠪᠠ︾᠂ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠨᠢᠭᠡᠳᠦᠯᠲᠡᠶ ᠲᠦᠯᠦᠪᠵᠢᠬᠦᠯᠦᠨ ᠨᠡᠶᠢᠲᠡ ᠳᠤᠨᠢ ᠬᠠᠷᠠᠭᠠᠯᠵᠠᠵᠦ᠂ ᠰᠢᠰᠲ᠋ᠧᠮ ᠲᠠᠢ ᠲᠦᠯᠦᠪᠵᠢᠬᠦᠯᠦᠨ᠂ ᠪᠦᠬᠦᠯᠢ ᠴᠣᠭᠴᠠ ᠪᠠᠷ ᠨᠢ ᠠᠬᠢᠭᠤᠯᠬᠤ ᠬᠡᠷᠡᠭᠳᠡᠢ︾ ᠭᠡᠵᠦ ᠵᠢᠭᠠᠵᠤ ᠭᠠᠷᠭᠠᠬᠰᠠᠨ ᠪᠦᠭᠡᠳ ︽ᠡᠷᠬᠡᠪᠰᠢ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠵᠤ᠂ ᠤᠷᠢᠳᠴᠢᠯᠠᠨ ᠪᠡᠯᠡᠳᠬᠡᠯ ᠬᠢᠵᠦ᠂ ᠵᠣᠷᠢᠭᠲᠠᠢ ᠲᠡᠮᠡᠴᠡᠵᠦ᠂ ᠴᠢᠳᠠᠮᠠᠭᠠᠢ ᠲᠡᠮᠡᠴᠡᠵᠦ᠂ ᠰᠢᠷᠭᠠᠭᠤ ᠲᠡᠮᠡᠴᠡᠯ ᠢᠶᠠᠷ ᠳᠠᠮᠵᠢᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠬᠦ ᠬᠡᠷᠡᠭᠲᠡᠢ︾ ᠭᠡᠵᠦ ᠱᠠᠭᠠᠷᠳᠠᠵᠠᠢ᠃ ᠪᠢᠳᠡ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠡᠳᠬᠡᠵᠦ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠡ ᠶᠢᠨ ᠢᠶᠠᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠬᠠᠷᠠᠯᠲᠠ ᠡᠭᠦᠷᠭᠡ ᠶᠢ ᠡᠷᠡᠰ ᠭᠤᠶᠢᠪᠢᠰᠢ ᠦᠭᠡᠢ ᠪᠠᠷ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃       ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠮᠠᠨ ᠤ ᠨᠠᠮ ᠤᠨ ᠠᠷᠠᠳ ᠲᠦᠮᠡᠨ ᠢ ᠤᠳᠤᠷᠢᠳᠤᠨ ᠤᠷᠲᠤ ᠬᠤᠭᠤᠴᠠᠭ᠎ᠠ ᠪᠠᠷ ᠬᠠᠶᠢᠨ ᠰᠦᠪᠡᠭᠴᠢᠯᠡᠵᠦ ᠦᠢᠯᠡᠳᠦᠯᠭᠡ ᠬᠢᠭᠰᠡᠨ ᠴᠢᠬᠤᠯᠠ ᠶᠡᠭᠡ ᠦᠷ᠎ᠡ ᠪᠦᠲᠦᠭᠡᠯ ᠮᠥᠨ᠂ ᠨᠢᠭᠡᠨ ᠠᠭᠤᠤ ᠶᠡᠭᠡ ᠪᠥᠭᠡᠳ ᠪᠡᠷᠬᠡ ᠬᠠᠲᠠᠭᠤᠵᠢᠯᠲᠠᠢ ᠦᠢᠯᠡᠰ ᠮᠥᠨ᠃ ᠭᠠᠭᠴᠠ ᠬᠦ ᠪᠡᠷᠬᠡ ᠬᠠᠲᠠᠭᠤᠵᠢᠯᠲᠠᠶ ᠪᠠᠶᠢᠳᠠᠭ ᠤᠴᠢᠷ ᠠᠴᠠ ᠠᠭᠤᠤ ᠶᠡᠭᠡ ᠶᠤᠮ︔ ᠭᠠᠭᠴᠠ ᠬᠦ ᠪᠡᠷᠬᠡ ᠬᠠᠲᠠᠭᠤᠵᠢᠯᠲᠠᠢ ᠪᠠᠶᠢᠳᠠᠭ ᠤᠴᠢᠷ ᠠᠴᠠ ᠨᠡᠩ ᠢᠯᠡᠬᠦᠦ ᠢᠷᠠᠭᠤ ᠠᠯᠳᠠᠷᠲᠠᠢ ᠶᠤᠮ᠃ ᠤᠳᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠲᠥᠪ ᠴᠢᠬᠡᠴᠢ ᠵᠣᠷᠢᠭ ᠰᠠᠨᠠᠭ᠎ᠠ ᠪᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠵᠤ ᠪᠠᠶᠢᠨ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠡᠭᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠦ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠭᠡᠬᠦ ᠡᠨᠡ ᠬᠦ ᠤᠯᠤᠰ ᠢᠶᠠᠨ ᠬᠦᠴᠦᠷᠭᠡᠭᠵᠢᠬᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠴᠣᠷ ᠤᠨ ᠭᠠᠭᠴᠠ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠦ᠂ ᠢᠲᠡᠭᠡᠯ ᠵᠣᠷᠢᠭ ᠢᠶᠠᠨ ᠪᠠᠲᠤᠳᠬᠠᠨ ᠪᠦᠯᠬᠦᠮᠳᠡᠨ ᠲᠡᠮᠡᠴᠡᠵᠦ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠰᠢᠷᠭᠠᠭᠤ ᠬᠠᠳᠠᠭᠤᠵᠢᠯᠳᠠᠢ ᠲᠡᠮᠡᠴᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠢᠯᠠᠯᠲᠠ ᠶᠢ ᠣᠯᠬᠤ ᠪᠠᠷ ᠴᠢᠷᠮᠡᠶᠢᠨ ᠲᠡᠮᠡᠴᠡᠬᠦ ᠬᠡᠷᠡᠭᠳᠡᠢ᠃
 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号