2 ᠰᠠᠷ᠎ᠠ ᠶᠢᠨ 14 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ | ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ | ᠢᠷᠡᠭᠰᠡᠨ ᠢᠷᠠᠨ ᠤ ᠶᠡᠷᠦᠩᠬᠡᠶᠢᠯᠡᠭᠴᠢ ᠯᠠᠶᠢᠰᠢ ᠲᠠᠢ ᠬᠡᠯᠡᠯᠴᠡᠭᠡ ᠬᠢᠪᠡ᠃ | | | | 2 ᠰᠠᠷ᠎ᠠ ᠶᠢᠨ 14 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ | ᠢᠷᠡᠭᠰᠡᠨ ᠢᠷᠠᠨ ᠤ ᠶᠡᠷᠦᠩᠬᠡᠶᠢᠯᠡᠭᠴᠢ ᠯᠠᠶᠢᠰᠢ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ | ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠯᠠᠶᠢᠰᠢ ᠶᠢ | ᠤᠭᠲᠤᠬᠤ ᠶᠣᠰᠣᠯᠠᠯ ᠶᠠᠪᠤᠭᠳᠠᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠢᠷᠠᠨ ᠬᠤᠶᠠᠷ ᠤᠯᠤᠰ ᠨᠥᠭᠦᠷᠰᠡᠭ ᠤᠯᠠᠮᠵᠢᠯᠠᠯ ᠲᠠᠢ ᠪᠠᠶᠢᠵᠤ᠂ ᠬᠤᠶᠠᠷ | ᠤᠯᠤᠰ ᠤᠨ ᠬᠠᠷᠢᠯᠴᠠᠭ᠎ᠠ ᠡᠯ᠎ᠡ ᠵᠦᠢᠯ ᠤᠨ ᠳᠡᠯᠡᠬᠡᠢ ᠶᠢᠨ ᠤᠷᠪᠠᠭᠠᠨ ᠬᠥᠷᠪᠡᠭᠡᠨ ᠤ ᠰᠢᠯᠭᠠᠯᠲᠠ ᠶᠢ ᠳᠠᠭᠠᠭᠠᠵᠤ | ᠴᠢᠳᠠᠬᠤ ᠶᠤᠮ᠃ ᠣᠳᠣᠬᠠᠨ ᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ | ᠬᠤᠪᠢᠷᠠᠯᠲᠠ ᠶᠢᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠳᠤᠮᠳᠠᠳᠤ ᠢᠷᠠᠨ ᠬᠠᠷᠢᠯᠴᠠᠨ ᠳᠡᠮᠵᠢᠵᠦ᠂ ᠪᠦᠯᠬᠦᠮᠳᠡᠨ | ᠬᠠᠮᠵᠢᠯᠴᠠᠵᠤ᠂ ᠭᠠᠷ ᠬᠤᠯᠪᠣᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠵᠦ᠂ | ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠲᠠᠰᠤᠷᠠᠯᠲᠠ ᠦᠭᠡᠢ ᠪᠠᠬᠢᠵᠢᠵᠦ᠂ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠯᠠᠪᠳᠠᠭᠤᠨ ᠢᠶᠠᠷ ᠠᠬᠢᠵᠤ᠂ ᠬᠠᠮᠲᠤ ᠶᠢᠨ ᠠᠰᠢᠭ ᠲᠤᠰᠠ ᠶᠢ ᠠᠬᠢᠭᠤᠯᠵᠤ᠂ ᠳᠡᠯᠡᠬᠡᠢ ᠶᠢᠨ ᠲᠥᠪ | ᠭᠤᠤᠯᠴᠢ ᠰᠢᠳᠤᠷᠭᠤ ᠶᠣᠰᠣ ᠶᠢ ᠬᠠᠮᠠᠭᠠᠯᠠᠵᠤ᠂ ᠳᠤᠮᠳᠠᠳᠤ ᠢᠷᠠᠨ ᠤ ᠨᠥᠬᠦᠷᠯᠡᠯ ᠤᠨ ᠰᠢᠨ᠎ᠡ ᠬᠠᠭᠤᠳᠠᠰᠤ ᠶᠢ | ᠪᠢᠴᠢᠭᠯᠡᠪᠡ᠃ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠴᠢᠨᠠᠷ ᠰᠠᠶᠢᠲᠠᠢ | ᠬᠥᠭᠵᠢᠯᠲᠡ ᠪᠠ ᠥᠨᠳᠥᠷ ᠲᠦᠪᠰᠢᠨ ᠪᠦᠬᠦᠢ ᠨᠡᠭᠡᠭᠡᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠳᠡᠯᠡᠬᠡᠢ ᠶᠢᠨ | ᠡᠩᠬᠡ ᠲᠠᠶᠢᠪᠤᠩ ᠢ ᠡᠷᠡᠰ ᠭᠤᠶᠢᠪᠢᠰᠢ ᠦᠭᠡᠢ ᠬᠠᠮᠠᠭᠠᠯᠠᠵᠤ᠂ ᠬᠠᠮᠲᠤ ᠶᠢᠨ ᠬᠥᠭᠵᠢᠯᠲᠡ ᠶᠢ ᠠᠬᠢᠭᠤᠯᠵᠤ ᠪᠠᠶᠢᠨ᠎ᠠ᠃ | ᠳᠤᠮᠳᠠᠳᠤ ᠤᠯᠤᠰ ᠢᠮᠠᠭᠲᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠳᠤᠮᠳᠠᠳᠤ ᠢᠷᠠᠨ ᠤ ᠬᠠᠷᠢᠯᠴᠠᠭ᠎ᠠ ᠳᠤ | ᠬᠠᠨᠳᠤᠬᠤ ᠪᠠ ᠬᠥᠭᠵᠢᠭᠦᠯᠵᠦ᠂ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠳᠤ ᠶᠠᠮᠠᠷ ᠬᠤᠪᠢᠷᠠᠯᠲᠠ ᠭᠠᠷᠤᠭᠰᠠᠨ | ᠴᠤ᠂ ᠳᠤᠮᠳᠠᠳᠤ ᠤᠯᠤᠰ ᠪᠦᠷ ᠢᠷᠠᠨ ᠯᠤᠭ᠎ᠠ ᠶᠢᠨ ᠨᠥᠭᠦᠷᠰᠡᠭ ᠬᠠᠮᠲᠤᠷᠠᠯᠴᠠᠭ᠎ᠠ ᠪᠠᠨ ᠡᠷᠡᠰ ᠭᠤᠶᠢᠪᠢᠰᠢ ᠦᠭᠡᠢ | ᠬᠥᠭᠵᠢᠭᠦᠯᠵᠦ᠂ ᠳᠤᠮᠳᠠᠳᠤ ᠢᠷᠠᠨ ᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ | ᠲᠠᠰᠤᠷᠠᠯᠳᠡ ᠦᠭᠡᠢ ᠰᠢᠨ᠎ᠡ ᠬᠥᠭᠵᠢᠯᠲᠡ ᠲᠠᠢ ᠪᠤᠯᠬᠤ ᠶᠢ ᠠᠬᠢᠭᠤᠯᠵᠤ᠂ ᠵᠠᠭᠤᠨ ᠵᠢᠯ ᠳᠤ ᠲᠣᠬᠢᠶᠠᠯᠳᠤᠭ᠎ᠠ ᠦᠭᠡᠢ | ᠶᠡᠭᠡ ᠬᠤᠪᠢᠰᠤᠯᠲᠠ ᠶᠢᠨ ᠳᠤᠮᠳᠠ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠮᠥᠨ ᠲᠥᠷᠥᠯᠬᠢᠲᠡᠨ ᠤ | ᠲᠠᠪᠰᠢᠯᠳᠠ ᠳᠤ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠲᠠᠯ᠎ᠠ ᠢᠷᠠᠠ ᠤ ᠲᠠᠯ᠎ᠠ ᠶᠢᠨ ᠬᠢᠨ ᠤ ᠤᠯᠤᠰ ᠤᠨ ᠡᠷᠬᠡ ᠮᠡᠲᠡᠯ ᠲᠤᠰᠠᠭᠠᠷ | ᠲᠣᠭᠲᠠᠨᠢᠯ᠂ ᠨᠤᠲᠤᠭ ᠳᠡᠪᠢᠰᠬᠡᠷ ᠤᠨ ᠪᠦᠷᠢᠨ ᠪᠦᠲᠦᠨ᠂ ᠦᠨᠳᠦᠰᠦᠲᠡᠨ ᠤ ᠨᠡᠷ᠎ᠡ ᠬᠦᠨᠳᠦ ᠪᠠᠨ ᠬᠠᠮᠠᠭᠠᠯᠠᠬᠤ ᠶᠢ | ᠲᠡᠮᠵᠢᠵᠦ᠂ ᠢᠷᠠᠠ ᠤ ᠲᠠᠯ᠎ᠠ ᠶᠢᠨ ᠬᠢᠨ ᠤ ᠭᠠᠭᠴᠠ ᠲᠠᠯᠠᠲᠤ ᠦᠵᠡᠯ᠂ ᠡᠵᠡᠷᠬᠡᠭ ᠦᠵᠡᠯ ᠢ ᠡᠰᠡᠷᠭᠦᠴᠡᠬᠦ ᠶᠢ | ᠲᠡᠮᠵᠢᠵᠦ᠂ ᠭᠠᠳᠠᠭᠠᠳᠤ ᠶᠢᠨ ᠬᠦᠴᠦᠨ ᠤ ᠢᠷᠠᠠ ᠤ ᠳᠣᠲᠣᠭᠠᠳᠤ ᠵᠠᠰᠠᠭ ᠲᠤ ᠭᠠᠷ ᠲᠦᠷᠦᠭᠦ᠂ ᠢᠷᠠᠠ ᠤ ᠠᠮᠤᠷ | ᠲᠦᠪᠰᠢᠨ ᠲᠣᠭᠲᠠᠭᠤᠨ ᠢ ᠡᠪᠳᠡᠭᠦ ᠶᠢ ᠡᠰᠡᠷᠭᠦᠴᠡᠵᠦ᠂ ᠳᠤᠷᠠᠲᠠᠶ᠎ᠠ ᠲᠤᠰ ᠲᠤᠰ ᠤᠨ ᠢᠶᠠᠨ ᠭᠤᠣᠯᠯᠠᠭᠴᠢ ᠠᠰᠢᠭ | ᠲᠤᠰᠠ ᠳᠤ ᠬᠤᠯᠪᠣᠭᠳᠠᠭᠰᠠᠨ ᠠᠰᠠᠭᠤᠳᠠᠯ ᠳᠡᠭᠡᠷ᠎ᠡ ᠢᠷᠠᠠ ᠤ ᠲᠠᠯ᠎ᠠ ᠯᠤᠭ᠎ᠠ ᠬᠠᠷᠢᠯᠴᠠᠨ ᠡᠷᠡᠰ ᠲᠡᠮᠵᠢᠨ᠎ᠠ᠃ | ᠳᠤᠮᠳᠠᠳᠤ ᠤᠯᠤᠰ ᠳᠤᠷᠠᠲᠠᠶ᠎ᠠ ᠢᠷᠠᠨ ᠯᠤᠭ᠎ᠠ ᠬᠤᠶᠠᠷ ᠤᠯᠤᠰ ᠤᠨ ᠪᠦᠭᠦ ᠲᠠᠯ᠎ᠠ ᠶᠢᠨ ᠬᠠᠮᠲᠤᠷᠠᠯᠴᠠᠭᠠᠨ ᠤ | ᠲᠥᠯᠥᠪᠯᠡᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠷᠠᠯᠵᠢᠶ᠎ᠠ᠂ ᠬᠥᠳᠡᠭᠡ ᠠᠵᠤ ᠠᠬᠤᠢ᠂ ᠠᠵᠤ ᠦᠢᠯᠡᠳᠪᠦᠷᠢ᠂ | ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠢᠷᠠᠨ ᠤ ᠴᠢᠨᠠᠷ ᠰᠠᠶᠢᠲᠠᠢ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠢ ᠨᠡᠩ ᠤᠯᠠᠨ ᠣᠷᠣᠭᠤᠯᠤᠨ ᠠᠪᠴᠢᠷᠠᠨ᠎ᠠ᠃ | ᠳᠤᠮᠳᠠᠳᠤ ᠤᠯᠤᠰ ᠳᠤᠷᠠᠲᠠᠶ᠎ᠠ ᠢᠷᠠᠨ ᠯᠤᠭ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠬᠠᠮᠲᠤᠷᠠᠯᠴᠠᠭ᠎ᠠ ᠶᠢ ᠦᠷᠭᠦᠯᠵᠢᠯᠡᠨ ᠥᠷᠨᠢᠭᠦᠯᠵᠦ᠂ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠰᠣᠶᠣᠯ | ᠢᠷᠭᠡᠨᠰᠢᠯ ᠤᠨ ᠰᠣᠯᠢᠯᠴᠠᠭ᠎ᠠ ᠶᠢ ᠥᠷᠭᠡᠳᠬᠡᠨ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠳᠣᠷᠣᠨᠠᠲᠤ ᠶᠢᠨ ᠲᠣᠭᠲᠠᠭᠤᠨ ᠢ ᠬᠠᠮᠠᠭᠠᠯᠠᠬᠤ ᠨᠢ ᠭᠠᠵᠠᠷ ᠣᠷᠣᠨ ᠤ ᠤᠯᠤᠰ | ᠪᠣᠯᠣᠨ ᠠᠷᠠᠳ ᠲᠦᠮᠡᠨ ᠤ ᠪᠤᠶᠠᠨ ᠵᠢᠷᠭᠠᠯ ᠳᠤ ᠬᠤᠯᠪᠣᠭᠳᠠᠵᠤ᠂ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ᠂ | ᠪᠦᠭᠦ ᠪᠥᠮᠪᠥᠷᠴᠡᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠡᠨᠧᠷᠭᠢ ᠶᠢᠨ ᠲᠣᠭᠲᠠᠭᠤᠨ | ᠬᠠᠩᠭᠠᠯᠭ᠎ᠠ ᠶᠢ ᠪᠠᠲᠤᠯᠠᠬᠤ ᠳᠤ ᠲᠦᠢᠯ ᠤᠨ ᠴᠢᠬᠤᠯᠠ ᠶᠤᠮ᠃ ᠢᠷᠠᠨ ᠤ ᠬᠢᠨ ᠤ ᠳᠤᠷᠠᠲᠠᠶ᠎ᠠ ᠡᠷᠭᠢᠨ ᠲᠣᠭᠤᠷᠢᠨ ᠤ | ᠬᠥᠷᠰᠢ ᠤᠯᠤᠰ ᠯᠤᠭ᠎ᠠ ᠶᠢᠨ ᠬᠠᠷᠢᠯᠴᠠᠭ᠎ᠠ ᠪᠠᠨ ᠢᠳᠡᠪᠬᠢᠲᠡᠢ ᠰᠠᠶᠢᠵᠢᠷᠠᠭᠤᠯᠵᠤ᠂ ᠭᠠᠵᠠᠷ ᠣᠷᠣᠨ ᠤ | ᠤᠯᠤᠰ ᠤᠳ ᠤᠨ ᠶᠠᠷᠢᠯᠴᠠᠭ᠎ᠠ ᠵᠥᠪᠳᠡᠯᠴᠡᠭᠡ ᠪᠠᠷ ᠳᠠᠮᠵᠢᠨ ᠵᠥᠷᠢᠴᠡᠯ ᠢ ᠰᠢᠢᠳᠪᠦᠷᠢᠯᠡᠵᠦ᠂ ᠡᠶᠡᠯᠳᠡᠭ ᠬᠥᠷᠰᠢ ᠶᠢᠨ | ᠨᠥᠭᠦᠷᠰᠡᠭ ᠬᠠᠷᠢᠯᠴᠠᠭ᠎ᠠ ᠪᠠᠨ ᠪᠡᠶᠡᠯᠡᠭᠦᠯᠬᠦ ᠶᠢ ᠳᠡᠮᠵᠢᠵᠦ᠂ ᠳᠤᠷᠠᠲᠠᠶ᠎ᠠ ᠭᠠᠵᠠᠷ ᠣᠷᠣᠨ ᠤ ᠡᠩᠬᠡ ᠲᠠᠶᠢᠪᠤᠩ | ᠲᠣᠭᠲᠠᠭᠤᠨ ᠢ ᠠᠬᠢᠭᠤᠯᠬᠤ ᠳᠤ ᠦᠷᠭᠦᠯᠵᠢᠯᠡᠨ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠭᠦ ᠶᠢ ᠲᠤᠮᠳᠠᠳᠤ | ᠤᠯᠤᠰ ᠮᠠᠭᠲᠠᠨ ᠰᠠᠶᠢᠰᠢᠶᠠᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠢᠷᠠᠨ ᠯᠤᠭ᠎ᠠ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯᠠᠲᠤ | ᠲᠠᠪᠴᠠᠩ ᠳᠠᠬᠢ ᠣᠯᠣᠯᠴᠠᠭ᠎ᠠ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠵᠢᠩᠬᠢᠨᠢ ᠤᠯᠠᠨ ᠲᠠᠯᠠᠲᠤ ᠦᠵᠡᠯ ᠢ | ᠦᠢᠯᠡᠳᠦᠯᠭᠡᠵᠢᠭᠦᠯᠵᠦ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ᠃ | ᠳᠤᠮᠳᠠᠳᠤ ᠤᠯᠤᠰ ᠢᠷᠠᠨ ᠤ ᠴᠥᠮ᠎ᠡ ᠶᠢᠨ ᠠᠰᠠᠭᠤᠳᠠᠯ ᠤᠨ ᠪᠦᠭᠦ ᠲᠠᠯ᠎ᠠ ᠶᠢᠨ ᠵᠥᠪᠯᠡᠯᠴᠡᠭᠡᠷ ᠢ ᠰᠡᠷᠭᠦᠭᠡᠨ | ᠬᠡᠷᠡᠭᠵᠢᠭᠦᠯᠬᠦ ᠬᠡᠯᠡᠯᠴᠡᠭᠡ ᠳᠤ ᠦᠷᠭᠦᠯᠵᠢᠯᠡᠨ ᠪᠦᠲᠦᠭᠡᠯᠴᠢ ᠴᠢᠨᠠᠷᠲᠠᠢ ᠪᠠᠷ ᠣᠷᠣᠯᠴᠠᠵᠤ᠂ ᠢᠷᠠᠨ ᠤ ᠵᠦᠢ ᠶᠣᠰᠣᠨ ᠤ | ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠳᠡᠮᠵᠢᠵᠦ᠂ ᠢᠷᠠᠨ ᠤ ᠴᠥᠮ᠎ᠡ ᠶᠢᠨ ᠠᠰᠠᠭᠤᠳᠠᠯ ᠢ | ᠡᠷᠲᠡᠬᠡᠨ ᠵᠣᠬᠢᠰᠲᠠᠢ ᠰᠢᠢᠳᠪᠦᠷᠢᠯᠡᠬᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠯᠠᠶᠢᠰᠢ᠂ ᠢᠷᠠᠨ ᠳᠤᠮᠳᠠᠳᠤ ᠶᠢᠨ ᠨᠥᠬᠦᠷᠯᠡᠯ ᠰᠢᠯᠭᠠᠯᠲᠠ ᠶᠢ ᠳᠠᠭᠠᠭᠠᠵᠤ᠂ ᠶᠠᠪᠤᠬᠤ ᠲᠤᠳᠤᠮ ᠪᠠᠬᠢᠵᠢᠪᠡ᠃ | ᠪᠡᠶ᠎ᠡ ᠪᠠᠨ ᠳᠠᠭᠠᠭᠠᠵᠤ ᠡᠵᠡᠨ ᠮᠡᠳᠡᠭᠰᠡᠨ ᠬᠤᠶᠠᠷ ᠲᠣᠮᠣ ᠤᠯᠤᠰ ᠪᠣᠯᠤᠭᠰᠠᠨ ᠤ ᠬᠤᠪᠢ ᠳᠤ᠂ ᠢᠷᠠᠨ ᠳᠤᠮᠳᠠᠳᠤ ᠶᠢᠨ | ᠬᠠᠷᠢᠯᠴᠠᠭ᠎ᠠ ᠨᠢ ᠬᠠᠷᠢᠯᠴᠠᠨ ᠬᠦᠨᠳᠦᠳᠬᠡᠬᠦ ᠵᠣᠷᠢᠭ ᠰᠠᠨᠠᠭ᠎ᠠ ᠳᠤ ᠰᠠᠭᠤᠷᠢᠯᠠᠵᠤ᠂ ᠬᠠᠷᠢᠯᠴᠠᠨ ᠢᠲᠡᠭᠡᠮᠵᠢᠲᠡᠢ | ᠦᠨᠡᠨᠴᠢ ᠰᠢᠳᠤᠷᠭᠤ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠣᠨ᠎ᠠ᠃ ᠢᠷᠠᠨ ᠤ ᠬᠢᠨ ᠤ ᠢᠷᠠᠨ ᠳᠤᠮᠳᠠᠳᠤ ᠶᠢᠨ | ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ | ᠳᠡᠭᠡᠭᠰᠢᠯᠡᠭᠦᠯᠭᠦ ᠪᠠᠷ ᠬᠦᠴᠦᠯᠡᠨ ᠴᠢᠷᠮᠠᠶᠢᠬᠤ ᠵᠣᠷᠢᠭ ᠡᠷᠡᠰ ᠭᠤᠶᠢᠪᠢᠰᠢ ᠦᠭᠡᠢ᠂ ᠶᠠᠮᠠᠷᠪᠠ ᠳᠡᠯᠡᠬᠡᠢ ᠶᠢᠨ ᠪᠠ ᠭᠠᠵᠠᠷ | ᠣᠷᠣᠨ ᠤ ᠪᠠᠶᠢᠳᠠᠯ ᠤᠨ ᠬᠤᠪᠢᠷᠠᠯᠲᠠ ᠳᠤ ᠨᠥᠯᠥᠭᠡᠯᠡᠭᠳᠡᠬᠦ ᠦᠭᠡᠢ ᠶᠤᠮ᠃ ᠢᠷᠠᠨ ᠤ ᠬᠢᠨ ᠳᠤᠮᠳᠠᠳᠤ | ᠤᠯᠤᠰ ᠯᠤᠭ᠎ᠠ ᠡᠯ᠎ᠡ ᠲᠡᠰ ᠳᠠᠪᠬᠤᠷᠭ᠎ᠠ ᠶᠢᠨ ᠶᠠᠪᠤᠯᠴᠠᠭ᠎ᠠ ᠪᠠᠨ ᠴᠢᠩᠭᠠᠳᠬᠠᠵᠤ᠂ ᠢᠷᠠᠨ ᠳᠤᠮᠳᠠᠳᠤ ᠶᠢᠨ ᠪᠦᠭᠦ | ᠲᠠᠯ᠎ᠠ ᠶᠢᠨ ᠬᠠᠮᠲᠤᠷᠠᠯᠴᠠᠭᠠᠨ ᠤ ᠲᠥᠯᠥᠪᠯᠡᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠷᠠᠯᠵᠢᠶ᠎ᠠ᠂ ᠰᠠᠭᠤᠷᠢ | ᠲᠥᠬᠦᠭᠡᠷᠦᠮᠵᠢ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ | ᠬᠦᠰᠡᠵᠦ ᠪᠠᠶᠢᠨ᠎ᠠ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠢᠷᠠᠨ ᠳᠤ ᠬᠦᠷᠴᠦ ᠪᠡᠯᠡ ᠣᠷᠣᠭᠤᠯᠬᠤ ᠶᠢ | ᠪᠠᠶᠠᠷᠯᠠᠨ ᠤᠭᠲᠤᠵᠤ ᠪᠠᠶᠢᠨ᠎ᠠ᠂ ᠳᠤᠮᠳᠠᠳᠤ ᠤᠯᠤᠰ ᠤᠨ ᠨᠡᠩ ᠤᠯᠠᠨ ᠵᠢᠭᠤᠯᠴᠢᠯᠠᠬᠰᠡᠳ ᠤᠨ ᠢᠷᠠᠨ ᠳᠤ ᠬᠦᠷᠴᠦ | ᠵᠢᠭᠤᠯᠴᠢᠯᠠᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠤᠨ ᠢᠷᠡᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠡᠷᠬᠢᠮ ᠨᠠᠨᠳᠢᠨ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ | ᠪᠠᠶᠢᠨ᠎ᠠ᠂ ᠳᠤᠮᠳᠠᠳᠤ ᠤᠯᠤᠰ ᠤᠨ ᠢᠷᠡᠨ ᠤ ᠴᠥᠮ᠎ᠡ ᠶᠢᠨ ᠠᠰᠠᠭᠤᠳᠠᠯ ᠤᠨ ᠪᠦᠭᠦ ᠲᠠᠯ᠎ᠠ ᠶᠢᠨ ᠵᠥᠪᠯᠡᠯᠴᠡᠭᠡᠷ | ᠬᠡᠯᠡᠯᠴᠡᠭᠡ ᠬᠢᠬᠦ ᠵᠡᠷᠭᠡ ᠠᠰᠠᠭᠤᠳᠠᠯ ᠤᠨ ᠲᠠᠯ᠎ᠠ ᠪᠠᠷ ᠭᠤᠣᠯᠴᠢ ᠶᠢ ᠪᠠᠷᠢᠮᠲᠠᠯᠠᠭᠰᠠᠨ ᠳᠤ ᠲᠠᠯᠠᠷᠬᠠᠵᠤ ᠪᠠᠶᠢᠨ᠎ᠠ᠃ | ᠢᠷᠠᠨ ᠤ ᠬᠢᠨ ᠳᠤᠮᠳᠠᠳᠤ ᠤᠯᠤᠰ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠬᠥᠭᠵᠢᠭᠦᠯᠦᠯᠲᠡ ᠶᠢᠨ ᠰᠠᠨᠠᠭᠠᠴᠢᠯᠠᠭ᠎ᠠ ᠪᠣᠯᠣᠨ ᠪᠦᠭᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ ᠶᠢ ᠡᠷᠡᠰ ᠳᠡᠮᠵᠢᠵᠦ᠂ ᠢᠳᠡᠪᠬᠢᠲᠡᠢ ᠣᠷᠣᠯᠴᠠᠨ᠎ᠠ᠃ ᠢᠷᠠᠨ ᠳᠤᠮᠳᠠᠳᠤ ᠤᠯᠤᠰ ᠴᠥᠮ ᠭᠠᠭᠴᠠ | ᠲᠠᠯᠠᠲᠤ ᠦᠵᠡᠯ ᠪᠣᠯᠣᠨ ᠡᠵᠡᠷᠬᠡᠬᠦ ᠦᠵᠡᠯ ᠡᠵᠡᠷᠬᠡᠭᠯᠡᠯ ᠳᠠᠷᠤᠯᠠᠯ ᠢ ᠡᠷᠡᠰ ᠡᠰᠡᠷᠭᠦᠴᠡᠵᠦ᠂ ᠭᠠᠳᠠᠭᠠᠳᠤ ᠶᠢᠨ | ᠬᠦᠴᠦᠨ ᠤ ᠳᠣᠲᠣᠭᠠᠳᠤ ᠵᠠᠰᠠᠭ ᠲᠤ ᠭᠠᠷ ᠲᠦᠷᠦᠭᠦ ᠶᠢ ᠡᠷᠡᠰ ᠡᠰᠡᠷᠭᠦᠴᠡᠳᠡᠭ᠃ ᠢᠷᠠᠨ ᠤ ᠬᠢᠨ ᠳᠤᠮᠳᠠᠳᠤ | ᠤᠯᠤᠰ ᠤᠨ ᠤᠯᠤᠰ ᠤᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠶᠢ | ᠡᠷᠡᠰ ᠳᠡᠮᠵᠢᠨ᠎ᠠ᠃ ᠢᠷᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠯᠡᠬᠡᠢ ᠶᠢᠨ ᠪᠠ ᠭᠠᠵᠠᠷ ᠣᠷᠣᠨ ᠤ | ᠬᠡᠷᠡᠭ ᠶᠠᠪᠤᠳᠠᠯ ᠤᠨ ᠲᠤᠬᠠᠢ ᠣᠯᠣᠯᠴᠠᠭ᠎ᠠ ᠪᠠᠨ ᠴᠢᠩᠭᠠᠳᠬᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠵᠡᠷᠭᠡ ᠤᠯᠠᠨ ᠲᠠᠯᠠᠲᠤ ᠲᠠᠯᠠᠪᠤᠷ ᠲᠠᠬᠢ ᠰᠠᠶᠢᠨ ᠰᠠᠶᠢᠬᠠᠨ ᠬᠠᠮᠲᠤᠷᠠᠯᠴᠠᠭ᠎ᠠ ᠪᠠᠨ ᠪᠠᠲᠤᠯᠠᠵᠤ᠂ | ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠵᠤ᠂ ᠭᠠᠵᠠᠷ ᠣᠷᠣᠨ ᠪᠠ ᠳᠡᠯᠡᠬᠡᠢ ᠶᠢᠨ | ᠡᠩᠬᠡ ᠲᠠᠶᠢᠪᠤᠩ ᠠᠮᠤᠷ ᠲᠦᠪᠰᠢᠨ ᠢ ᠬᠠᠮᠠᠭᠠᠯᠠᠨ᠎ᠠ ᠭᠡᠵᠦ ᠢᠯᠡᠳᠬᠡᠪᠡ᠃ | ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ | ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ᠬᠥᠳᠡᠭᠡ ᠠᠵᠤ ᠠᠬᠤᠢ᠂ | ᠠᠷᠠᠯᠵᠢᠶ᠎ᠠ᠂ ᠵᠢᠭᠤᠯᠴᠢᠯᠠᠯ᠂ ᠣᠷᠴᠢᠨ ᠲᠣᠭᠤᠷᠢᠨ ᠤ ᠬᠠᠮᠠᠭᠠᠯᠠᠯᠲᠠ᠂ ᠡᠷᠡᠭᠦᠯ ᠬᠠᠮᠠᠭᠠᠯᠠᠯ᠂ ᠭᠠᠮᠰᠢᠭ ᠠᠴᠠ | ᠠᠪᠤᠷᠠᠬᠤ᠂ ᠰᠣᠶᠣᠯ᠂ ᠪᠡᠶ᠎ᠡ ᠶᠢᠨ ᠲᠠᠮᠢᠷ ᠵᠡᠷᠭᠡ ᠬᠦᠷᠢᠶᠡᠨ ᠳᠠᠬᠢ ᠤᠯᠠᠨ ᠵᠦᠢᠯ ᠤᠨ ᠬᠤᠶᠠᠷ ᠲᠠᠯ᠎ᠠ ᠶᠢᠨ | ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠭᠰᠠᠨ ᠢ ᠬᠠᠮᠲᠤ ᠪᠠᠷ ᠭᠡᠷᠡᠴᠢᠯᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ | ᠶᠡᠭᠡ ᠲᠢᠩᠬᠢᠮ ᠳᠤ ᠯᠠᠶᠢᠰᠢ ᠶᠢ ᠤᠭᠲᠤᠬᠤ ᠶᠣᠰᠣᠯᠠᠯ ᠶᠠᠪᠤᠭᠳᠠᠭᠤᠯᠪᠠ᠃ | ᠲᠢᠶᠠᠨ ᠠᠨ ᠮᠧᠨ ᠠᠭᠤᠳᠠᠮ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ | ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ | ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠢᠷᠠᠨ ᠬᠤᠶᠠᠷ ᠤᠯᠤᠰ ᠤᠨ ᠰᠦᠯᠳᠡ | ᠳᠠᠭᠤᠤ ᠶᠢ ᠬᠥᠭᠵᠢᠮᠳᠡᠪᠡ᠃ ᠯᠠᠶᠢᠰᠢ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ | ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ | ᠰᠣᠨᠢᠷᠬᠠᠪᠠ᠃ | ᠸᠠᠩ ᠢ᠂ ᠾᠧ ᠯᠢ ᠹᠧᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | ᠯᠠᠶᠢᠰᠢ ᠳᠤᠮᠳᠠᠳᠤ ᠤᠯᠤᠰ ᠲᠤ ᠠᠶᠢᠯᠴᠢᠯᠠᠬᠤ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠢᠰᠯᠠᠮ ᠤᠨ ᠪᠦᠭᠦᠳᠡ ᠨᠠᠶᠢᠷᠠᠮᠳᠠᠬᠤ ᠢᠷᠠᠨ ᠤᠯᠤᠰ ᠤᠨ | ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠬᠦ ᠪᠣᠯᠣᠨ᠎ᠠ᠃ | |