ᠬᠤᠲᠠ ᠶᠢᠨ ᠵᠠᠰᠠᠭ ᠤᠨ ᠣᠷᠳᠣᠨ ᠠᠶᠤᠯᠭᠦᠶ ᠦᠢᠯᠡᠳᠪᠦᠷᠢᠯᠡᠯ ᠤᠨ ᠳᠠᠯᠳᠠ ᠬᠡᠮ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯ ᠢ ᠲᠤᠰᠬᠠᠶ ᠰᠡᠳᠦᠪ ᠢᠶᠠᠷ ᠲᠣᠬᠢᠷᠠᠭᠤᠯᠪᠠ
ᠨᠡᠶᠢᠲᠡᠯᠡᠭᠰᠡᠨ ᠴᠠᠭ᠄
2023/4/6
      4 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠮᠤᠷ ᠲᠦᠪᠰᠢᠨ ᠤ ᠳᠠᠯᠳᠠ ᠬᠡᠮ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠸᠢᠳᠢᠤ᠋ ᠲᠣᠬᠢᠷᠠᠭᠤᠯᠤᠯᠲᠠ ᠶᠢᠨ ᠬᠤᠷᠠᠯ ᠤᠨ ᠳᠠᠷᠠᠭ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠳᠠᠷᠦ᠋ᠢᠬᠠᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠠᠶᠤᠯᠬᠦᠢ ᠦᠢᠯᠡᠳᠪᠦᠷᠢᠯᠡᠯ ᠤᠨ ᠠᠵᠢᠯ ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠠᠶᠤᠯᠬᠦᠢ ᠦᠢᠯᠡᠳᠪᠦᠷᠢᠯᠡᠯ ᠤᠨ ᠠᠵᠢᠯ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠪᠠ᠃ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
        ᠵᠢᠢ ᠶᠦᠩ ᠴᠢᠶᠠᠨ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠮᠤᠷ ᠲᠦᠪᠰᠢᠨ ᠤ ᠳᠠᠯᠳᠠ ᠬᠡᠮ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ︽ᠪᠤᠴᠠᠵᠤ ᠪᠠᠶᠢᠴᠠᠭᠠᠨ ᠦᠵᠡᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ︽ᠠᠭᠤᠵᠢᠭᠤ ᠰᠤᠯᠠ ᠵᠥᠭᠡᠯᠡᠨ ᠬᠡᠶᠢᠰᠪᠦᠷᠢ︾ ᠪᠠ ᠬᠡᠯᠪᠡᠷᠢ ᠶᠢᠨ ᠲᠡᠳᠦᠶ ᠥᠩᠭᠡᠷᠡᠭᠦᠯᠬᠦ ᠦᠵᠡᠭᠳᠡᠯ ᠢ ᠡᠷᠡᠰ ᠬᠤᠷᠢᠭᠯᠠᠵᠤ᠂ ᠬᠠᠲᠠᠭᠤ ᠲᠠᠢ ᠨᠢ ᠬᠠᠯᠳᠠᠵᠤ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ ᠶᠢ ᠪᠡᠶᠡᠯᠡᠭᠦᠯᠵᠦ᠂ ᠠᠶᠤᠯ ᠲᠦᠭᠰᠢᠭᠦᠷᠢ ᠶᠢᠨ ᠳᠠᠯᠳᠠ ᠬᠡᠮ  ᠢ ᠵᠢᠭᠰᠠᠭᠠᠨ ᠪᠠᠶᠢᠴᠠᠭᠠᠬᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠵᠢᠭᠰᠠᠭᠠᠨ ᠪᠠᠶᠢᠴᠠᠭᠠᠵᠤ ᠭᠠᠷᠭᠠᠭᠰᠠᠨ ᠡᠯ᠎ᠡ ᠲᠥᠷᠥᠯ ᠤᠨ ᠳᠠᠯᠳᠠ ᠭᠡᠮ ᠳᠤ ᠳᠠᠩᠰᠠ ᠡᠯᠭᠦᠵᠦ ᠰᠢᠮᠳᠠᠭᠤᠯᠤᠨ ᠭᠦᠢᠴᠡᠳᠬᠡᠯᠭᠡᠵᠦ᠂ ᠮᠥᠷᠳᠡᠨ ᠦᠷ᠎ᠡ ᠪᠦᠲᠦᠮᠵᠢ ᠠᠰᠠᠭᠤᠵᠤ᠂ ᠬᠦᠨᠳᠦ ᠶᠡᠭᠡ ᠳᠠᠯᠳᠠ ᠭᠡᠮ ᠢ ᠠᠳᠡᠯ ᠢᠶᠠᠷ ᠦᠵᠡᠵᠦ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠦᠭᠡᠶ ᠶᠢ ᠶᠠᠭᠠᠬᠢᠭᠰᠠᠨ ᠴᠤ ᠲᠠᠯᠪᠢᠵᠤ ᠪᠣᠯᠬᠤ ᠦᠭᠡᠶ᠂ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠷᠢᠭᠤᠴᠠᠯᠭ᠎ᠠ ᠶᠢᠨ ᠬᠡᠯᠬᠢᠶ᠎ᠡ ᠶᠢ ᠪᠦᠷᠢᠨᠰᠢᠬᠦᠯᠵᠤ᠂ ᠡᠯ᠎ᠡ ᠱᠠᠲᠤᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠠᠵᠢᠯ ᠲᠦᠷᠦᠯ ᠤᠨ ᠰᠠᠯᠠᠭ᠎ᠠ ᠮᠥᠴᠢᠷ ᠤᠨ ᠠᠵᠢᠯ ᠲᠦᠷᠦᠯ ᠢᠶᠠᠨ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠴᠤ᠂ ᠲᠤᠬᠠᠶᠢᠯᠠᠭᠰᠠᠨ ᠠᠵᠢᠯ ᠢᠶᠠᠨ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠴᠤ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠬᠤ ᠬᠡᠷᠡᠭᠲᠡᠢ᠃ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠲᠦᠢᠯᠰᠢᠷᠠᠯ ᠴᠠᠭ ᠠᠭᠤᠷ ᠤᠨ ᠪᠡᠯᠡᠳᠬᠡᠯ ᠢ ᠦᠨᠡᠨ ᠬᠦ ᠰᠠᠶᠢᠲᠤᠷ ᠬᠢᠵᠦ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠭᠠᠮᠰᠢᠭ ᠪᠣᠯᠤᠨ ︽ᠲᠤᠭᠤᠷ ᠤᠨ ᠴᠡᠴᠡᠭ ᠤᠨ ᠦᠶᠡᠷ︾ ᠵᠡᠷᠭᠡ ᠭᠠᠮᠰᠢᠭ ᠢ ᠴᠢᠩᠭ᠎ᠠ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠪᠣᠯᠤᠨ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号