ᠬᠥᠯᠥᠨ ᠪᠤᠶᠢᠷ ︽ᠠᠨᠠᠷ ᠤᠨ ᠦᠷ᠎ᠡ︾ ᠰᠠᠶᠢᠨ ᠳᠤᠷ᠎ᠠ ᠶᠢᠨ ᠦᠢᠯᠡᠴᠢᠯᠡᠬᠡᠨ ᠤ ᠠᠩᠭᠢ‌‍ᠶᠢ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2023/4/6
      ᠣᠶᠢᠷ᠎ᠠ ᠳᠤ᠂ ᠬᠥᠯᠥᠨ ᠪᠤᠶᠢᠷ ᠬᠤᠲᠠ ᠨᠢ ᠬᠤᠲᠠ᠂ ᠬᠤᠰᠢᠭᠤ ︵ᠬᠤᠲᠠ᠂ ᠲᠣᠭᠤᠷᠢᠭ︶᠂ ᠰᠢᠶᠠᠩ ᠪᠠᠯᠭᠠᠰᠤ ︵ᠰᠤᠮᠤ᠂ ᠵᠡᠭᠡᠯᠢ ᠭᠤᠳᠤᠮᠵᠢ︶᠂ ᠲᠣᠰᠬᠤᠨ ︵ᠭᠠᠴᠠᠭ᠎ᠠ᠂ ᠨᠡᠶᠢᠭᠡᠮ ᠲᠣᠭᠤᠷᠢᠭ︶ ᠳᠥᠷᠪᠡᠨ ᠱᠠᠲᠤ ᠶᠢᠨ ︽ᠠᠨᠠᠷ ᠤᠨ ᠦᠷ᠎ᠡ︾ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠠᠩᠭᠢ ᠶᠢ ᠪᠠᠶᠢᠭᠤᠯᠵᠤ᠂ ᠬᠥᠯᠥᠨ ᠪᠤᠶᠢᠷ ᠬᠤᠲᠠ ᠶᠢᠨ ᠦᠨᠳᠦᠰᠦᠲᠡᠨ ᠤ ᠪᠦᠯᠬᠦᠮᠳᠡᠯ ᠢ ᠡᠬᠦᠳᠦᠨ ᠪᠠᠶᠢᠭᠤᠯᠬᠤ ᠨᠡᠶᠢᠭᠡᠮ ᠤᠨ ᠰᠠᠭᠤᠷᠢ ᠶᠢ ᠪᠠᠬᠢᠵᠢᠭᠦᠯᠪᠡ᠃ ︽ᠠᠨᠠᠷ ᠤᠨ ᠦᠷ᠎ᠡ︾ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠠᠩᠭᠢ ᠨᠢ ᠭᠤᠤᠯᠳᠠᠭᠤ ︽ᠡᠬᠡ ᠤᠯᠤᠰ ᠤᠨ ᠤᠮᠠᠷᠠᠲᠤ ᠬᠢᠯᠢ ᠶᠢ ᠰᠠᠬᠢᠨ ᠪᠠᠷᠠᠯᠠᠵᠤ ᠲᠠᠩᠰᠤᠭ ᠰᠠᠶᠢᠬᠠᠨ ᠬᠥᠯᠥᠨ ᠪᠤᠶᠢᠷ ᠢ ᠬᠠᠮᠲᠤ ᠪᠠᠷ ᠵᠢᠷᠤᠭᠯᠠᠬᠤ︾ — ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠪᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠠᠵᠢᠯ ᠢ ᠠᠭᠤᠰᠤᠯᠴᠠᠭᠤᠯᠤᠨ ᠠᠬᠢᠭᠤᠯᠬᠤ ᠪᠠᠷ ᠭᠤᠤᠯ ᠰᠡᠳᠦᠪ ᠪᠣᠯᠭᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠬᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ᠂ ︽ᠭᠠᠷ ᠭᠠᠷ ᠢᠶᠠᠨ ᠬᠥᠲᠥᠯᠥᠯᠴᠡᠬᠦ︾ ᠵᠡᠷᠭᠡ ᠣᠯᠠᠨ ᠲᠦᠷᠦᠯ ᠤᠨ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠵᠤ᠂ ᠥᠷᠭᠡᠨ ᠣᠯᠠᠨ ︽ᠠᠨᠠᠷ ᠤᠨ ᠦᠷ᠎ᠡ︾ ᠶᠢᠨ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠭᠡᠰᠢᠭᠦᠳ ᠢ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠦᠶ᠋ᠯᠡᠳᠦᠯᠭᠡᠵᠢᠭᠦᠯᠦᠭᠴᠢ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠤᠭᠴᠢ᠂ ᠡᠭᠦᠳᠦᠨ ᠪᠠᠶᠢᠭᠤᠯᠬᠤ ᠠᠵᠢᠯ ᠤᠨ ᠠᠬᠢᠭᠤᠯᠤᠭᠴᠢ ᠪᠤᠯᠭᠠᠨᠪᠠ᠃       ᠨᠢᠭᠡ᠂ ᠭᠤᠤᠯ ᠰᠡᠳᠦᠪᠲᠦ ᠠᠵᠢᠯᠯᠠᠭ᠎ᠠ ᠥᠷᠨᠢᠭᠦᠯᠬᠦ ᠪᠠᠷ ᠭᠠᠷᠳᠠᠴᠠ ᠪᠣᠯᠭᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡ ᠶᠢ ᠦᠷᠨᠢᠬᠦᠯᠪᠠ       ᠡᠯ᠎ᠡ ᠱᠠᠲᠤᠨ ᠤ ︽ᠠᠨᠠᠷ ᠤᠨ ᠦᠷ᠎ᠡ︾ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠠᠩᠭᠢ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠂ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ᠵᠡᠷᠭᠡ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠡᠷᠭᠡᠳᠡᠬᠢ ᠥᠯᠢᠭᠡᠷ ᠤᠨ ᠤᠬᠠᠭᠤᠯᠤᠨ ᠲᠠᠶᠢᠯᠪᠤᠷᠢᠯᠠᠯᠲᠠ ᠵᠡᠷᠭᠡ ᠭᠤᠤᠯ ᠰᠡᠳᠦᠪᠲᠦ ᠠᠵᠢᠯᠯᠠᠭ᠎ᠠ ᠶᠢ ᠦᠷᠨᠢᠬᠦᠯᠵᠦ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠢᠳᠡᠪᠬᠢᠲᠡᠶ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ︽ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ︽ᠳᠠᠪᠤᠨ ᠮᠡᠳᠡᠷᠡᠬᠦᠢ︾ ᠶᠢ ᠲᠠᠰᠤᠷᠠᠯᠲᠠ ᠥᠬᠡᠶ ᠴᠢᠩᠭᠠᠳᠬᠠᠵᠤ᠂ ︽ᠦᠨᠳᠦᠰᠦᠲᠡᠨ ᠤ ᠪᠦᠯᠬᠦᠮᠳᠡᠯ ᠢ ᠬᠠᠮᠳᠤ ᠪᠠᠷ ᠡᠭᠦᠳᠬᠦ᠂ ᠦᠨᠳᠦᠰᠦᠲᠡᠨ ᠤ ᠪᠦᠯᠬᠦᠮᠳᠡᠯ ᠢ ᠬᠠᠮᠳᠤ ᠪᠠᠷ ᠬᠠᠮᠠᠭᠠᠯᠠᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠨᠪᠠ᠃       ᠬᠤᠶᠠᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠲᠠᠢ ᠤᠶᠠᠯᠳᠤᠭᠤᠯᠵᠤ᠂ ᠬᠠᠶᠢᠷ᠎ᠠ ᠬᠠᠯᠠᠮᠵᠢ ᠬᠦᠷᠭᠡᠬᠦ ᠰᠠᠶᠢᠨ ᠳᠤᠷ᠎ᠠ ᠶᠢᠨ ᠦᠢᠯᠡᠴᠢᠯᠡᠭᠡ ᠶᠢ ᠦᠷᠨᠢᠬᠦᠯᠪᠠ       ︽ᠡᠬᠡ ᠤᠯᠤᠰ ᠤᠨ ᠤᠮᠠᠷᠠᠲᠤ ᠬᠢᠯᠢ ᠶᠢ ᠰᠠᠬᠢᠨ ᠪᠠᠷᠠᠯᠠᠵᠤ ᠳᠠᠩᠰᠤᠭ ᠰᠠᠶᠢᠬᠠᠨ ᠬᠥᠯᠥᠨ ᠪᠤᠶᠢᠷ ᠢ ᠬᠠᠮᠲᠤ ᠪᠠᠷ ᠵᠢᠷᠤᠭᠯᠠᠬᠤ︾ ᠨᠡᠷᠡᠳᠦ ᠲᠡᠮᠳᠡᠭᠲᠦ ᠰᠢᠷᠢᠰ ᠠᠵᠢᠯᠯᠠᠭ᠎ᠠ ᠶᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠠᠵᠢᠯ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ᠂ ᠠᠯᠪᠠᠨ ᠵᠢᠷᠤᠮ ᠤᠨ ᠡᠮᠴᠢᠯᠡᠭᠡ᠂ ᠬᠠᠶᠢᠷ᠎ᠠ ᠬᠠᠯᠠᠮᠵᠢ ᠬᠦᠷᠭᠡᠬᠦ ᠵᠡᠷᠭᠡ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠠᠶᠢᠷ᠎ᠠ ᠬᠠᠯᠠᠮᠵᠢ ᠪᠤᠯᠤᠨ ᠬᠠᠷᠢᠭᠤᠴᠠᠯᠭ᠎ᠠ ᠪᠠᠷ ᠢᠶᠠᠨ ᠰᠠᠶᠢᠨ ᠳᠤᠷᠠᠴᠤᠳ ᠬᠢᠭᠡᠳ ᠣᠯᠠᠨ ᠲᠦᠮᠡᠨ ᠤ ᠬᠤᠭᠤᠷᠣᠨᠳᠣᠬᠢ ︽ᠰᠡᠳᠬᠢᠯ ᠤᠨ ᠬᠤᠯᠪᠤᠭᠠᠰᠤ︾ ᠶᠢ ᠴᠣᠭᠴᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠲᠡᠨ ᠤ ᠬᠠᠷᠢᠯᠴᠠᠨ ᠪᠦᠯᠬᠦᠮᠳᠡᠨ ᠳᠡᠮᠵᠢᠬᠦ᠂ ᠲᠦᠷᠦᠯ ᠰᠠᠳᠤᠨ ᠮᠡᠳᠦ ᠪᠠᠷ ᠬᠠᠷᠢᠯᠴᠠᠨ ᠬᠠᠪᠰᠤᠷᠤᠨ ᠲᠡᠳᠬᠦᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠪᠠ᠃      ᠭᠤᠷᠪᠠ᠂ ᠳᠤᠮᠳᠠᠳᠤ ᠶᠢᠨ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠪᠠᠷ ᠭᠤᠣᠯᠳᠠᠯᠭ᠎ᠠ ᠪᠣᠯᠭᠠᠵᠤ᠂ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠪᠠ       ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠳᠡᠯᠭᠡᠷᠡᠭᠦᠯᠦᠨ ᠤᠬᠠᠭᠤᠯᠬᠤ ᠪᠠᠷ ᠭᠤᠣᠯᠳᠠᠯᠭ᠎ᠠ ᠪᠣᠯᠭᠠᠵᠤ᠂ ᠳᠤᠮᠳᠠᠳᠤ ᠶᠢᠨ ᠰᠣᠩᠭᠤᠳᠠᠭ ᠵᠣᠬᠢᠶᠠᠯ ᠢ ᠤᠩᠰᠢᠬᠤ᠂ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ︾ ᠵᠡᠷᠭᠡ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠲᠤ ᠠᠭᠤᠯᠤᠭᠳᠠᠵᠤ ᠪᠠᠶᠢᠭ᠎ᠠ ᠳᠤᠮᠳᠠᠳᠤ ᠶᠢᠨ ᠦᠨᠳᠦᠰᠦᠲᠡᠨ ᠳᠤ ᠣᠨᠴᠠ ᠪᠠᠶᠢᠳᠠᠭ ᠤᠶᠤᠨ ᠤ ᠦᠷᠳᠡᠭ ᠪᠠ ᠰᠣᠶᠣᠯ ᠤᠨ ᠠᠭᠤᠯᠤᠭᠳᠠᠬᠤᠨ ᠢ ᠠᠭᠤᠳᠠᠯᠵᠤ᠂ ᠣᠯᠠᠨ ᠲᠦᠮᠡᠨ ᠳᠤ ᠳᠤᠮᠳᠠᠳᠤ‌‍ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠢᠢᠯᠠᠭᠠᠭᠤᠯᠵᠤ᠂ ᠳᠤᠮᠳᠠᠳᠤ ᠶᠢᠨ ᠰᠣᠶᠣᠯ ᠤᠨ ᠭᠤᠸ᠎ᠠ ᠰᠠᠶᠢᠬᠠᠨ ᠢ ᠮᠡᠳᠡᠷᠡᠭᠦᠯᠵᠦ᠂ ᠳᠤᠮᠳᠠᠳᠤ ᠶᠢᠨ ᠰᠢᠯᠢᠳᠡᠭ ᠰᠣᠶᠣᠯ ᠢᠶᠠᠷ ᠬᠥᠮᠦᠰ ᠤᠨ ᠰᠡᠳᠬᠢᠯ ᠢ ᠤᠮᠳᠠᠯᠠᠪᠠ᠃       ᠳᠥᠷᠪᠡ᠂ ᠦᠨᠡᠨᠴᠢ ᠰᠡᠳᠬᠢᠯ ᠪᠣᠳᠠᠲᠤ ᠦᠷ᠎ᠡ ᠪᠦᠲᠦᠮᠵᠢ ᠪᠠᠷ ᠠᠷᠠᠳ ᠤᠨ ᠰᠡᠳᠬᠢᠯ ᠢ ᠳᠤᠯᠠᠭᠠᠴᠠᠭᠤᠯᠵᠤ᠂ ︽ᠭᠠᠷ ᠭᠠᠷ ᠢᠶᠠᠨ ᠬᠥᠲᠥᠯᠥᠯᠴᠡᠬᠦ︾ ᠰᠠᠶᠢᠨ ᠳᠤᠷ᠎ᠠ ᠶᠢᠨ ᠦᠶ᠋ᠯᠡᠴᠢᠯᠡᠭᠡ ᠶᠢ ᠦᠷᠨᠢᠬᠦᠯᠪᠠ       ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠶᠠᠳᠠᠭᠤ ᠬᠦᠴᠢᠷᠳᠠᠯᠳᠠᠢ ᠶᠢ ᠬᠠᠪᠰᠤᠷᠤᠨ ᠳᠡᠳᠬᠦᠬᠦ ᠵᠡᠷᠭᠡ ᠭᠤᠣᠯᠳᠠᠯᠭ᠎ᠠ ᠲᠠᠢ ᠠᠵᠢᠯ ᠳᠤ ᠢᠳᠡᠪᠬᠢᠲᠡᠢ ᠣᠷᠣᠯᠴᠠᠵᠤ᠂ ᠬᠥᠯᠥᠨ ᠪᠤᠶᠢᠷ ᠬᠤᠲᠠ ᠶᠢᠨ ᠠᠵᠤ ᠠᠬᠤᠢ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ ᠬᠤᠪᠢ ᠨᠡᠮᠡᠷᠢ ᠪᠠᠨ ᠦᠵᠡᠬᠦᠯᠪᠠ︔ ︽ᠨᠢᠭᠡ ᠠᠶᠠᠭ᠎ᠠ ᠰᠦ ᠲᠠᠢ ᠴᠠᠢ ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠬᠠᠯᠠᠭᠤᠨ ᠳᠣᠲᠣᠨᠣ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠠᠬ᠎ᠠ ᠳᠡᠭᠦᠦ ᠨᠠᠷ ᠤᠨ ᠬᠠᠶᠢᠷ᠎ᠠ ᠰᠡᠳᠬᠢᠯᠭᠡ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠪᠠ︔ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠲᠠᠢ ᠤᠶᠠᠯᠳᠤᠭᠤᠯᠤᠨ ᠭᠤᠤᠨᠢ ᠨᠠᠰᠤᠲᠠᠨ᠂ ᠠᠷᠤ ᠭᠡᠷ ᠲᠤ ᠪᠠᠨ ᠬᠤᠴᠣᠷᠤᠭᠰᠠᠨ ᠬᠡᠦᠬᠡᠳ᠂ ᠬᠦᠴᠢᠷᠳᠡᠯ ᠲᠠᠢ ᠤᠯᠠᠨ ᠲᠦᠮᠡᠨ ᠵᠡᠷᠭᠡ ᠣᠨᠴᠠᠭᠠᠢ ᠬᠦᠮᠦᠰ ᠢ ᠢᠳᠡᠪᠬᠢᠲᠡᠢ ᠪᠠᠷ ᠪᠣᠯᠭᠤᠭᠠᠨ ᠲᠣᠬᠤᠨᠢᠭᠤᠯᠵᠤ᠂ ᠳᠡᠳᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠣᠷᠣᠰᠢᠵᠤ ᠪᠠᠶᠢᠭ᠎ᠠ ᠪᠣᠳᠠᠲᠠᠢ ᠠᠰᠠᠭᠤᠳᠠᠯ ᠢ ᠨᠢ ᠬᠠᠪᠰᠤᠷᠤᠨ ᠰᠢᠢᠳᠪᠤᠷᠢᠯᠡᠵᠦ ᠦᠭᠴᠠᠢ᠃       ᠬᠥᠯᠥᠨ ᠪᠤᠶᠢᠷ ᠬᠤᠲᠠ ᠶᠢᠨ ︽ᠠᠨᠠᠷ ᠤᠨ ᠦᠷ᠎ᠡ︾ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠠᠩᠭᠢ ᠶᠢᠨ ᠪᠠᠶᠢᠭᠤᠯᠤᠭᠳᠠᠭᠰᠠᠨ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠬᠢᠭᠡᠳ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠣᠷᠭᠠᠨᠢᠭ ᠠᠭᠤᠰᠤᠯᠴᠠᠯ ᠢ ᠬᠦᠴᠦᠲᠡᠶ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠲᠡᠨ ᠤ ᠠᠵᠢᠯ ᠤᠨ ᠡᠩᠨᠡᠬᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠣᠯᠠᠨ ᠲᠦᠮᠡᠨ ᠤ ᠲᠤᠮᠳᠠ ᠤᠬᠠᠭᠤᠯᠬᠤ᠂ ᠣᠯᠠᠨ ᠲᠦᠮᠡᠨ ᠢ ᠬᠠᠯᠠᠮᠵᠢᠯᠠᠬᠤ᠂ ᠣᠯᠠᠨ ᠲᠦᠮᠡᠨ ᠳᠤ ᠦᠶ᠋ᠯᠡᠴᠢᠯᠡᠬᠦ ︽ᠡᠴᠦᠰ ᠤᠨ ᠨᠢᠭᠡ ᠺᠢᠯᠤᠮᠧᠳ᠋ᠷ︾ ᠢ ᠨᠡᠪᠲᠡᠷᠡᠭᠦᠯᠪᠡ᠃
 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号