︵ᠬᠤᠶᠠᠷ︶ᠬᠥᠯᠥᠨ ᠪᠤᠶᠢᠷ ᠬᠤᠲᠠ ᠶᠢᠨ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠲᠠᠬᠢ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ  ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2023/7/4
       ᠬᠤᠶᠠᠳᠤᠭᠠᠷ ᠪᠦᠯᠦᠭ ᠣᠷᠣᠨ ᠪᠦᠰᠡ ᠶᠢᠨ ᠦᠨᠡᠯᠡᠨ ᠵᠢᠱᠢᠯᠲᠡ        ᠵᠢᠷᠭᠤᠳᠤᠭᠠᠷ ᠵᠦᠢᠯ ᠨᠡᠭᠡᠭᠡᠯᠲᠡ ᠶᠢᠨ ᠲᠣᠭᠤᠷᠢᠭ ︵ᠠᠵᠤ ᠦᠢᠯᠡᠰ ᠤᠨ ᠬᠦᠷᠢᠶᠡᠯᠡᠩ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠤᠨ ᠳᠣᠲᠣᠷ᠎ᠠ᠂ ︽ᠣᠯᠠᠨ ᠦᠨᠡᠯᠡᠯᠲᠡ ᠶᠢ ᠨᠢᠭᠡᠳᠬᠡᠬᠦ︾ ᠵᠠᠷᠴᠢᠮ ᠤᠨ ᠶᠣᠰᠣᠭᠠᠷ᠂ ᠨᠡᠭᠡᠭᠡᠯᠲᠡ ᠶᠢᠨ ᠲᠣᠭᠤᠷᠢᠭ ᠨᠢ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠭᠠᠵᠠᠷ ᠵᠦᠢ ᠶᠢᠨ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ᠂ ᠠᠭᠤᠷ ᠠᠮᠢᠰᠬᠤᠯ ᠤᠨ ᠪᠣᠯᠤᠮᠵᠢᠲᠤ ᠴᠢᠨᠠᠷ ᠢ ᠨᠤᠲᠠᠯᠠᠬᠤ᠂ ᠭᠠᠵᠠᠷ ᠬᠥᠳᠡᠯᠦᠯᠲᠡ ᠶᠢᠨ ᠠᠶᠤᠯᠬᠦᠢ ᠴᠢᠨᠠᠷ ᠢ ᠦᠨᠡᠯᠡᠬᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢ ᠦᠨᠡᠯᠡᠨ ᠵᠢᠱᠢᠬᠦ᠂ ᠴᠢᠬᠤᠯᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠳᠠᠷᠤᠭᠳᠠᠭᠤᠯᠬᠤ ᠶᠢ ᠦᠨᠡᠯᠡᠨ ᠵᠢᠱᠢᠬᠦ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠬᠦ᠂ ᠤᠰᠤᠨ ᠤ ᠡᠬᠢ ᠪᠠᠶᠠᠯᠢᠭ ᠢ ᠨᠤᠲᠠᠯᠠᠬᠤ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠭᠡᠷᠡᠴᠢᠯᠡᠬᠦ᠂ ᠦᠶᠡᠷ ᠤᠨ ᠨᠥᠯᠥᠭᠡ ᠶᠢ ᠦᠨᠡᠯᠡᠬᠦ ᠵᠡᠷᠭᠡ ᠴᠢᠬᠤᠯᠠ ᠪᠦᠬᠦᠢ ᠦᠨᠡᠯᠡᠨ ᠵᠢᠱᠢᠬᠦ ᠵᠦᠢᠯ ᠤᠳ ᠢ ᠨᠢᠭᠡᠳᠦᠯᠲᠡᠶ ᠪᠡᠶᠡᠯᠡᠬᠦᠯᠦᠨ᠎ᠡ᠃       ᠳᠣᠯᠣᠳᠤᠭᠠᠷ ᠵᠦᠢᠯ ᠡᠯ᠎ᠡ ᠨᠡᠭᠡᠭᠡᠯᠲᠡ ᠶᠢᠨ ᠲᠣᠭᠤᠷᠢᠭ ︵ᠠᠵᠤ ᠦᠢᠯᠡᠰ ᠤᠨ ᠬᠦᠷᠢᠶᠡᠯᠡᠩ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠤᠳ ︽ᠭᠤᠷᠪᠠᠨ ᠲᠣᠭᠤᠷᠢᠭ ᠭᠤᠷᠪᠠᠨ ᠱᠤᠭᠤᠮ︾ ᠤᠨ ᠣᠷᠣᠨ ᠵᠠᠶ ᠶᠢ ᠬᠠᠮᠢᠶᠠᠷᠤᠨ ᠡᠵᠡᠮᠳᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠠᠵᠤ ᠦᠢᠯᠡᠰ ᠤᠨ ᠵᠥᠪᠰᠢᠶᠡᠷᠡᠨ ᠣᠷᠣᠭᠤᠯᠬᠤ᠂ ᠠᠵᠢᠯ ᠲᠥᠷᠥᠯ ᠤᠨ ᠲᠥᠷᠥᠯ ᠬᠤᠪᠢᠶᠠᠬᠤ᠂ ᠴᠢᠳᠠᠮᠵᠢ ᠶᠢᠨ ᠪᠠᠶᠢᠷᠢ ᠲᠣᠭᠲᠠᠭᠠᠬᠤ ᠪᠠᠷᠢᠮᠵᠢᠶ᠎ᠠ ᠶᠣᠰᠣᠭᠠᠷ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠢ ᠬᠠᠩᠭᠠᠨ᠎ᠠ᠃       ᠨᠠᠢᠮᠠᠳᠤᠭᠠᠷ ᠵᠦᠢᠯ ᠡᠯ᠎ᠡ ᠭᠠᠵᠠᠷ ᠤᠨ ᠬᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠦᠨᠳᠦᠰᠦᠯᠡᠨ᠂ ᠡᠯ᠎ᠡ ᠨᠡᠭᠡᠭᠡᠯᠲᠡ ᠶᠢᠨ ᠲᠣᠭᠤᠷᠢᠭ ︵ᠠᠵᠤ ᠦᠢᠯᠡᠰ ᠤᠨ ᠬᠦᠷᠢᠶᠡᠯᠡᠩ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠤᠨ ᠠᠵᠤ ᠦᠢᠯᠡᠰ‌‍ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠣᠯᠤᠨ ᠭᠠᠵᠠᠷ ᠰᠢᠷᠣᠶ ᠬᠠᠩᠭᠠᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ︽ᠪᠠᠷᠢᠮᠵᠢᠶᠠᠲᠤ ᠭᠠᠵᠠᠷ︾  ᠢ ᠰᠢᠯᠵᠢᠬᠦᠯᠦᠨ ᠬᠤᠳᠠᠯᠳᠤᠬᠤ ᠳᠤ ᠬᠡᠷᠡᠭᠰᠡᠬᠦ ᠭᠠᠵᠠᠷ ᠰᠢᠷᠣᠶ ᠨᠥᠭᠡᠴᠡᠯᠡᠬᠦ ᠠᠵᠢᠯ ᠢ ᠵᠣᠬᠢᠰᠲᠠᠶ ᠤᠷᠢᠳᠴᠢᠯᠠᠨ ᠰᠠᠶᠢᠲᠤᠷ ᠬᠢᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ