︵ᠭᠤᠷᠪᠠ︶ᠬᠥᠯᠥᠨ ᠪᠤᠶᠢᠷ ᠬᠤᠲᠠ ᠶᠢᠨ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠲᠠᠬᠢ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ  ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2023/7/4
       ᠭᠤᠷᠪᠠᠳᠤᠭᠠᠷ ᠪᠦᠯᠦᠭ ᠬᠢᠵᠠᠭᠠᠷᠯᠠᠬᠤ ᠭᠦᠢᠴᠡᠳᠬᠡᠬᠦ ᠲᠤᠭ᠎ᠠ        ᠶᠢᠰᠦᠳᠦᠭᠡᠷ ᠵᠦᠢᠯ ᠭᠠᠵᠠᠷ ᠰᠢᠷᠣᠶ ᠶᠢ ᠰᠢᠯᠵᠢᠬᠦᠯᠦᠨ ᠬᠤᠳᠠᠯᠳᠤᠬᠤ ᠠᠴᠠ ᠡᠮᠦᠨ᠎ᠡ᠂ ᠡᠯ᠎ᠡ ᠨᠡᠭᠡᠭᠡᠯᠲᠡ ᠶᠢᠨ ᠲᠣᠭᠤᠷᠢᠭ ︵ᠠᠵᠤ ᠦᠢᠯᠡᠰ ᠤᠨ ᠬᠦᠷᠢᠶᠡᠯᠡᠩ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠲᠤᠬᠠᠶ ᠶᠢᠨ ᠭᠠᠵᠠᠷ ᠤᠨ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠳᠡ᠂ ᠪᠠᠶᠢᠭᠠᠯᠢ ᠶᠢᠨ ᠡᠬᠢ ᠪᠠᠶᠠᠯᠢᠭ᠂ ᠬᠥᠭᠵᠢᠭᠦᠯᠦᠯᠲᠡ ᠥᠭᠡᠷᠡᠴᠢᠯᠡᠯᠲᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠶ ᠣᠷᠴᠢᠨ ᠲᠣᠭᠤᠷᠢᠨ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠤᠳ ᠢ ᠲᠦᠷᠦᠭᠦᠯᠡᠨ ᠵᠣᠬᠢᠶᠠᠨ ᠪᠠᠶᠢᠭᠤᠯᠵᠤ᠂ ᠰᠢᠯᠵᠢᠬᠦᠯᠦᠨ ᠬᠤᠳᠠᠯᠳᠤᠬᠤ ᠪᠠᠷ ᠪᠠᠶᠢᠭ᠎ᠠ ᠭᠠᠵᠠᠷ ᠤᠨ ᠬᠡᠰᠡᠭ ᠤᠨ ᠠᠵᠤ ᠦᠢᠯᠡᠰ ᠤᠨ ᠲᠥᠯᠥᠪᠵᠢᠭᠦᠯᠭᠡ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠵᠡᠷᠭᠡ ᠶᠢ ᠲᠤᠭᠤᠷᠪᠢᠨ ᠭᠠᠷᠭᠠᠵᠤ᠂ ᠬᠠᠮᠢᠶ᠎ᠠ ᠪᠦᠬᠦᠢ ᠠᠵᠢᠯ ᠲᠥᠷᠥᠯ ᠤᠨ ᠪᠠᠷᠢᠮᠵᠢᠶ᠎ᠠ ᠶᠢ ᠦᠨᠳᠦᠰᠦᠯᠡᠨ᠂ ᠲᠤᠰ ᠭᠠᠵᠠᠷ ᠤᠨ ᠬᠡᠰᠡᠭ ᠤᠨ ︽3 + X︾ ᠵᠠᠭᠪᠤᠷ ᠤᠨ ᠪᠣᠳᠠᠲᠠᠶ ᠬᠢᠵᠠᠭᠠᠷᠯᠠᠬᠤ ᠴᠢᠨᠠᠷᠲᠠᠶ ᠭᠦᠢᠴᠡᠳᠬᠡᠬᠦ ᠲᠤᠭ᠎ᠠ ᠶᠢ ᠳᠤᠷᠠᠳᠤᠨ᠎ᠠ᠃ ︽X︾ ᠢ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠵᠣᠬᠢᠰᠲᠠᠶ ᠲᠣᠭᠲᠠᠭᠠᠵᠤ ᠪᠣᠯᠤᠨ᠎ᠠ᠂ ᠪᠣᠳᠠᠲᠠᠶ ᠬᠢᠵᠠᠭᠠᠷᠯᠠᠬᠤ ᠭᠦᠢᠴᠡᠳᠬᠡᠬᠦ ᠲᠤᠭ᠎ᠠ ᠶᠢ ᠤᠯᠤᠰ ᠠᠴᠠ ᠲᠣᠭᠲᠠᠭᠠᠭᠰᠠᠨ ᠠᠵᠢᠯ ᠲᠥᠷᠥᠯ ᠤᠨ ᠲᠥᠷᠥᠯ ᠬᠤᠪᠢᠶᠠᠬᠤ ᠪᠠᠷᠢᠮᠵᠢᠶ᠎ᠠ ᠶᠣᠰᠣᠭᠠᠷ ᠵᠦᠢ ᠵᠣᠬᠢᠰᠲᠠᠶ ᠲᠣᠭᠲᠠᠭᠠᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ