︵ᠲᠠᠪᠤ︶ᠬᠥᠯᠥᠨ ᠪᠤᠶᠢᠷ ᠬᠤᠲᠠ ᠶᠢᠨ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠲᠠᠬᠢ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ  ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2023/7/4
       ᠲᠠᠪᠤᠳᠤᠭᠠᠷ ᠪᠦᠯᠦᠭ ᠪᠠᠷᠢᠮᠵᠢᠶ᠎ᠠ ᠶᠣᠰᠣᠭᠠᠷ ᠪᠠᠶᠢᠭᠤᠯᠬᠤ        ᠠᠷᠪᠠᠨ ᠳᠥᠷᠪᠡᠳᠦᠭᠡᠷ ᠵᠦᠢᠯ ᠲᠥᠷᠥᠯ ᠵᠦᠢᠯ ᠢ ᠠᠵᠢᠯ ᠡᠬᠢᠯᠡᠭᠦᠯᠦᠭᠰᠡᠨ ᠤ ᠳᠠᠷᠠᠭ᠎ᠠ᠂ ᠨᠡᠭᠡᠭᠡᠯᠲᠡ ᠶᠢᠨ ᠲᠣᠭᠤᠷᠢᠭ ︵ᠠᠵᠤ ᠦᠢᠯᠡᠰ ᠤᠨ ᠬᠦᠷᠢᠶᠡᠯᠡᠩ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠨᠢ ᠠᠵᠢᠯ ᠶᠠᠪᠤᠳᠠᠯ ᠤᠨ ᠳᠤᠮᠳᠠᠬᠢ ᠵᠢᠯᠣᠭᠤᠳᠣᠯᠭ᠎ᠠ ᠪᠠ ᠬᠢᠨᠠᠯᠲᠠ ᠲᠠᠯᠪᠢᠯᠲᠠ ᠪᠠᠨ ᠴᠢᠩᠭᠠᠳᠬᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠪᠠᠷᠢᠯᠭ᠎ᠠ ᠶᠢᠨ ᠭᠤᠤᠯ ᠴᠣᠭᠴᠠ ᠪᠠ ᠶᠠᠰᠤ ᠴᠢᠨᠠᠷ᠂ ᠠᠮᠤᠷ ᠲᠦᠪᠰᠢᠨ᠂ ᠠᠬᠢᠴᠠ ᠶᠢᠨ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠎ᠠ᠃ ᠠᠮᠠᠯᠠᠯᠲᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠲᠥᠷᠥᠯ ᠵᠦᠢᠯ ᠢ ᠬᠠᠮᠢᠶ᠎ᠠ ᠪᠦᠬᠦᠢ ᠲᠣᠭᠲᠠᠭᠠᠯ ᠪᠠ ᠨᠢᠭᠡᠨᠲᠡ ᠲᠣᠭᠲᠠᠭᠠᠭᠰᠠᠨ ᠲᠥᠯᠥᠪᠯᠡᠭᠡ ᠶᠣᠰᠣᠭᠠᠷ ᠪᠦᠲᠦᠭᠡᠨ ᠪᠠᠶᠢᠭᠤᠯᠵᠤ ᠬᠡᠷᠡᠭᠵᠢᠭᠦᠯᠬᠦ ᠶᠢ ᠦᠨᠡᠨᠬᠦ ᠪᠠᠲᠤᠯᠠᠨ᠎ᠠ᠃       ᠠᠷᠪᠠᠨ ᠲᠠᠪᠤᠳᠤᠭᠠᠷ ᠵᠦᠢᠯ ᠭᠠᠵᠠᠷ ᠬᠡᠷᠡᠭᠯᠡᠬᠦ ᠠᠵᠤ ᠠᠬᠤᠶᠢᠯᠠᠯ ᠤᠳ ᠪᠠᠷᠢᠯᠭ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠶᠠᠰᠤ ᠴᠢᠨᠠᠷ᠂ ᠠᠶᠤᠯ ᠦᠭᠡᠶ᠂ ᠠᠬᠢᠴᠠ ᠶᠢᠨ ᠬᠠᠮᠢᠶᠠᠷᠤᠯᠲᠠ ᠶᠢ ᠡᠭᠦᠷᠭᠡᠯᠡᠬᠦ ᠶᠢᠨ ᠬᠠᠮᠲᠤ ᠨᠠᠶᠢᠳᠠᠪᠤᠷᠢᠵᠢᠭᠤᠯᠵᠤ᠂ ᠪᠠᠷᠢᠯᠭ᠎ᠠ ᠶᠢ ᠬᠠᠮᠢᠶ᠎ᠠ ᠪᠦᠬᠦᠢ ᠲᠣᠭᠲᠠᠭᠠᠯ ᠪᠣᠯᠤᠨ ᠨᠢᠭᠡᠨᠲᠡ ᠲᠣᠭᠲᠠᠭᠠᠭᠰᠠᠨ ᠲᠥᠯᠥᠪᠯᠡᠭᠡ ᠶᠢᠨ ᠶᠣᠰᠣᠭᠠᠷ ᠪᠦᠲᠦᠭᠡᠨ ᠪᠠᠶᠢᠭᠤᠯᠵᠤ ᠬᠡᠷᠡᠭᠵᠢᠭᠦᠯᠬᠦ ᠶᠢ ᠦᠨᠡᠨᠬᠦ ᠪᠠᠲᠤᠯᠠᠨ᠎ᠠ᠃ ᠴᠠᠭ ᠲᠠᠭᠠᠨ ᠪᠠᠷᠢᠯᠭ᠎ᠠ ᠡᠬᠢᠯᠡᠭᠦᠯᠵᠦ ᠳᠡᠶᠢᠯᠬᠦ ᠦᠭᠡᠶ ᠪᠣᠯ᠂ ᠭᠠᠵᠠᠷ ᠬᠡᠷᠡᠭᠯᠡᠬᠦ ᠠᠵᠤ ᠠᠬᠤᠶᠢᠯᠠᠯ ᠨᠢ 30 ᠡᠳᠦᠷ ᠤᠨ ᠡᠮᠦᠨ᠎ᠡ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠠᠷᠢᠯᠭ᠎ᠠ ᠤᠷᠲᠤᠳᠬᠠᠬᠤ ᠭᠤᠶᠤᠴᠢᠯᠠᠯ ᠢᠶᠠᠨ ᠳᠤᠷᠠᠳᠴᠤ᠂ ᠵᠥᠪᠰᠢᠶᠡᠷᠡᠭᠦᠯᠦᠭᠰᠡᠨ ᠤ ᠳᠠᠷᠠᠭ᠎ᠠ᠂ ᠨᠥᠬᠦᠪᠥᠷᠢ ᠵᠥᠪᠯᠡᠯᠴᠡᠭᠡᠷ ᠲᠣᠭᠲᠠᠵᠤ᠂ ᠪᠠᠷᠢᠯᠭ᠎ᠠ ᠡᠬᠢᠯᠡᠭᠦᠯᠬᠦ ᠴᠠᠭ ᠢ ᠰᠢᠨ᠎ᠡ ᠪᠠᠷ ᠪᠣᠯᠵᠣᠨ ᠲᠤᠭᠲᠠᠨ᠎ᠠ᠂ ᠭᠡᠬᠦ ᠳᠡᠭᠡᠨ ᠨᠢᠭᠡ ᠵᠢᠯ ᠠᠴᠠ ᠬᠡᠲᠦᠷᠡᠭᠦᠯᠵᠦ ᠪᠣᠯᠬᠤ ᠦᠭᠡᠶ᠃ ᠬᠤᠭᠤᠴᠠᠭ᠎ᠠ ᠬᠡᠲᠦᠷᠡᠲᠡᠯ᠎ᠡ ᠮᠥᠨ ᠯᠡ ᠠᠵᠢᠯ ᠡᠬᠢᠯᠡᠭᠦᠯᠵᠦ ᠪᠠᠷᠢᠯᠭ᠎ᠠ ᠳᠠᠭᠤᠰᠬᠠᠭᠰᠠᠨ ᠦᠭᠡᠢ ᠪᠠᠶᠢᠪᠠᠯ᠂ ᠪᠣᠯᠵᠤᠭ᠎ᠠ ᠶᠢ ᠵᠥᠷᠢᠴᠡᠭᠰᠡᠨ ᠵᠤᠬᠢᠬᠤ ᠬᠠᠷᠢᠭᠤᠴᠠᠯᠭ᠎ᠠ ᠡᠭᠦᠷᠭᠡᠯᠡᠨ᠎ᠡ᠃ ᠭᠠᠵᠠᠷ ᠰᠢᠷᠣᠶ ᠶᠢ ᠰᠤᠯᠠ ᠲᠠᠯᠪᠢᠭᠰᠠᠨ ᠪᠣᠯ ︽ᠰᠤᠯᠠ ᠪᠠᠶᠢᠭ᠎ᠠ ᠭᠠᠵᠠᠷ ᠰᠢᠷᠣᠶ ᠶᠢ ᠰᠢᠢᠳᠪᠦᠷᠢᠯᠡᠬᠦ ᠠᠷᠭ᠎ᠠ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠶᠠᠮᠤᠨ ᠤ ᠵᠠᠷᠯᠢᠭ 53 ᠳ᠋ᠤᠭᠠᠷ ᠲᠣᠭᠠᠲᠤ︶ ᠪᠠᠷ ᠰᠢᠢᠳᠪᠦᠷᠢᠯᠡᠨ᠎ᠡ᠃ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ