ᠠᠮᠢ ᠨᠠᠰᠤᠨ ᠤ ᠰᠡᠷᠭᠡᠶᠢᠯᠡᠯᠲᠡ ᠶᠢᠨ ᠱᠤᠭᠤᠮ ᠳᠡᠭᠡᠷᠡᠬᠢ ︽ᠵᠢᠵᠢᠭ ᠡᠮ ᠤᠨ ᠬᠠᠶᠢᠷᠴᠠᠭ︾
ᠨᠡᠶᠢᠲᠡᠯᠡᠭᠰᠡᠨ ᠴᠠᠭ᠄
2024/10/25
       ᠣᠶᠢᠷ᠎ᠠ ᠳᠤ ᠰᠢᠨ᠎ᠡ ᠪᠠᠷᠭᠤ ᠵᠡᠭᠦᠨ ᠬᠤᠰᠢᠭᠤᠨ ᠤ ᠰᠢᠨᠡᠪᠤᠯᠠᠭ ᠰᠤᠮᠤ ᠶᠢᠨ ᠭᠤᠣᠯ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠲᠠᠨ ᠵᠤᠷᠰᠢᠯ ᠶᠣᠰᠣᠭᠠᠷ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢ ᠳᠡᠩᠰᠡᠯᠡᠪᠡ᠃ ᠬᠢᠨᠠᠨ ᠬᠡᠮᠵᠢᠬᠦ ᠳᠤᠮᠳᠠ ᠬᠥᠬᠡᠨᠠᠭᠤᠷ ᠭᠠᠴᠠᠭᠠᠨ ᠤ ᠮᠠᠯᠴᠢᠨ ᠳᠠᠮᠳᠢᠨᠰᠦ᠋ᠷᠦᠩ ᠤᠨ ᠴᠢᠰᠤᠨ ᠳᠠᠷᠤᠯᠲᠠ ᠥᠨᠳᠥᠷ ᠪᠠᠶᠢᠬᠤ ᠨᠢ ᠠᠵᠢᠯᠲᠠᠨ ᠤ ᠠᠩᠬᠠᠷᠤᠯ ᠢ ᠲᠠᠲᠠᠪᠠ᠃       ᠲᠤᠬᠠᠢ ᠶᠢᠨ ᠡᠳᠦᠷ ᠡᠷᠡᠭᠦᠯ ᠬᠠᠮᠠᠭᠠᠯᠠᠯ ᠤᠨ ᠠᠵᠢᠯᠲᠠᠨ ᠤ ᠬᠠᠪᠰᠤᠷᠤᠯᠭ᠎ᠠ ᠳᠣᠣᠷ᠎ᠠ᠂ ᠳᠠᠮᠳᠢᠨᠰᠦ᠋ᠷᠦᠩ ᠣᠶᠤᠨᠲᠤ ᠴᠢᠰᠤᠨ ᠳᠠᠷᠤᠯᠲᠠ ᠶᠢᠨ ᠬᠡᠮᠵᠢᠭᠦᠷᠯᠢᠭ ᠵᠡᠭᠦᠵᠦ᠂ ᠠᠵᠢᠯᠲᠠᠳ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠡᠮ ᠬᠡᠷᠡᠭᠯᠡᠬᠦ ᠪᠠ ᠢᠳᠡᠭᠡᠨ ᠤᠮᠳᠠᠭᠠᠨ ᠤ ᠲᠠᠯ᠎ᠠ ᠪᠠᠷ ᠵᠣᠬᠢᠬᠤ ᠰᠠᠨᠠᠭᠤᠯᠭ᠎ᠠ ᠥᠭᠴᠡᠢ᠃       ᠰᠢᠨ᠎ᠡ ᠪᠠᠷᠭᠤ ᠵᠡᠭᠦᠨ ᠬᠤᠰᠢᠭᠤᠨ ᠤ ᠭᠠᠵᠠᠷ ᠨᠤᠲᠤᠭ ᠠᠭᠤᠳᠠᠮ ᠬᠥᠮᠥᠨ ᠠᠮᠠ ᠴᠥᠭᠡᠨ ᠪᠠᠶᠢᠵᠤ᠂ ᠡᠷᠡᠭᠦᠯ ᠬᠠᠮᠠᠭᠠᠯᠠᠯ ᠤᠨ ᠬᠤᠷᠢᠶ᠎ᠠ ᠨᠢᠭᠡᠪᠦᠷᠢ ᠶᠢᠨ ᠦᠢᠯᠡᠴᠢᠯᠡᠭᠡᠨ ᠤ ᠴᠡᠭ ᠨᠢ ᠴᠥᠮ 50 ᠺᠢᠯᠣᠮᠧᠳ᠋ᠷ ᠠᠴᠠ ᠬᠤᠯᠠ ᠪᠠᠶᠢᠵᠤ᠂ ᠮᠠᠯᠴᠢᠨ ᠲᠦᠮᠡᠨ ᠤ ᠡᠪᠡᠳᠴᠢᠨ ᠦᠵᠡᠭᠦᠯᠭᠦ ᠳᠤ ᠲᠦᠢᠯ ᠤᠨ ᠲᠦᠭᠦᠮ ᠦᠭᠡᠢ ᠪᠠᠶᠢᠳᠠᠭ᠃ 2011 ᠣᠨ ᠳᠤ᠂ ᠰᠢᠨ᠎ᠡ ᠪᠠᠷᠭᠤ ᠵᠡᠭᠦᠨ ᠬᠤᠰᠢᠭᠤ ᠮᠠᠯᠵᠢᠬᠤ ᠣᠷᠣᠨ ᠤ ᠡᠷᠡᠭᠦᠯ ᠬᠠᠮᠠᠭᠠᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠷᠡᠭᠦᠯ ᠮᠡᠨᠳᠦ ᠶᠢᠨ ᠪᠠᠲᠤᠯᠠᠭ᠎ᠠ ᠶᠢᠨ ︽ᠵᠢᠵᠢᠭ ᠡᠮ ᠤᠨ ᠬᠠᠶᠢᠷᠴᠠᠭ︾ ᠢ ᠪᠦᠭᠦ ᠤᠯᠤᠰ ᠲᠤ ᠲᠦᠷᠦᠭᠦᠯᠡᠨ ᠡᠭᠦᠳᠦᠨ ᠬᠡᠷᠡᠭᠵᠢᠭᠦᠯᠪᠡ᠃ ᠡᠬᠢᠨ ᠳᠡᠭᠡᠨ ︽ᠵᠢᠵᠢᠭ ᠡᠮ ᠤᠨ ᠬᠠᠶᠢᠷᠴᠠᠭ︾ ᠨᠢ ︽ᠲᠦᠷᠭᠡᠨ ᠠᠪᠤᠷᠠᠯᠳᠠ︾ ᠪᠠᠷ ᠭᠤᠣᠯᠯᠠᠭᠤᠯᠵᠤ᠂ ᠵᠥᠪᠭᠡᠨ ᠪᠠᠶᠢᠩᠭᠤ ᠶᠢᠨ ᠡᠮ ᠤᠨ ᠵᠦᠢᠯᠡᠰ ᠢ ᠬᠡᠷᠡᠭᠯᠡᠵᠦ ᠪᠠᠶᠢᠵᠠᠢ᠃       ᠣᠳᠣᠬᠠᠨ ᠳᠤ ᠲᠠᠪᠤᠳᠤᠭᠠᠷ ᠦᠶ᠎ᠡ ᠶᠢᠨ ᠵᠢᠵᠢᠭ ᠡᠮ ᠤᠨ ᠬᠠᠶᠢᠷᠴᠠᠭ ᠤᠨ ᠢᠨᠵᠧᠨᠧᠷᠢᠩ ᠢ ᠬᠡᠷᠡᠭᠵᠢᠭᠦᠯᠵᠦ᠂ ᠤᠳᠠᠭᠠᠨ ᠴᠢᠨᠠᠷᠲᠠᠢ ᠠᠷᠬᠠᠭ ᠡᠪᠡᠳᠴᠢᠲᠡᠨ ᠤ ᠵᠢᠷᠤᠮᠵᠢᠬᠰᠠᠨ ᠬᠠᠮᠢᠶᠠᠷᠤᠯᠲᠠ ᠶᠢᠨ ᠨᠣᠷᠮ᠎ᠠ ᠶᠢ 61% ᠠᠴᠠ 89% ᠪᠣᠯᠭᠠᠨ ᠳᠡᠭᠡᠭᠰᠢᠯᠡᠭᠦᠯᠵᠦ᠂ ᠤᠳᠠᠭᠠᠨ ᠴᠢᠨᠠᠷᠲᠠᠢ ᠠᠷᠬᠠᠭ ᠡᠪᠡᠳᠴᠢᠨ ᠲᠠᠢ ᠮᠠᠯᠴᠢᠳ ᠤᠨ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠳᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠴᠦ 83% ᠪᠠᠶᠢᠭᠰᠠᠨ ᠠᠴᠠ 96% ᠪᠣᠯᠣᠨ ᠳᠡᠭᠡᠭᠰᠢᠯᠡᠵᠦ᠂ ᠮᠠᠯᠴᠢᠨ ᠲᠦᠮᠡᠨ ᠡᠪᠡᠳᠴᠢᠨ ᠦᠵᠡᠭᠦᠯᠭᠦ ᠠᠴᠠ ᠦᠨᠡᠨ ᠬᠦ ︽ᠡᠮᠨᠡᠭᠦᠯᠭᠦ ᠭᠠᠵᠠᠷ︾ ᠲᠠᠢ ᠪᠣᠯᠵᠠᠢ᠃ ︽ᠵᠢᠵᠢᠭ ᠡᠮ ᠤᠨ ᠬᠠᠶᠢᠷᠴᠠᠭ︾ ᠤᠨ ᠦᠢᠯᠡᠴᠢᠯᠡᠭᠡ ᠲᠠᠰᠤᠷᠠᠯᠲᠠ ᠦᠭᠡᠢ ᠥᠷᠭᠡᠵᠢᠵᠦ᠂ ᠠᠭᠤᠯᠭ᠎ᠠ ᠪᠠ ᠴᠢᠳᠠᠮᠵᠢ ᠨᠢ ᠲᠠᠰᠤᠷᠠᠯᠳᠠ ᠦᠭᠡᠢ ᠲᠠᠰ ᠳᠠᠪᠰᠢᠵᠤ᠂ ᠣᠶᠤᠨᠴᠢ ᠲᠥᠬᠦᠭᠡᠷᠦᠮᠵᠢ᠂ ᠭᠡᠷ ᠪᠦᠯᠢ ᠶᠢᠨ ᠡᠮᠴᠢ ᠶᠢᠨ APP᠂ ᠠᠪᠴᠤ ᠶᠠᠪᠤᠬᠤ ᠳᠤ ᠲᠥᠭᠦᠮ ᠮᠠᠰᠢᠨ ᠲᠥᠬᠦᠭᠡᠷᠦᠮᠵᠢ ᠵᠡᠷᠭᠡ ᠶᠢ ᠢᠵᠢ ᠪᠦᠷᠢᠳᠦᠭᠦᠯᠵᠦ᠂ ᠡᠷᠡᠭᠦᠯ ᠬᠠᠮᠠᠭᠠᠯᠠᠯ ᠤᠨ ᠬᠤᠷᠢᠶᠠᠨ ᠤ ᠦᠢᠯᠡᠴᠢᠯᠡᠭᠡᠨ ᠤ ᠴᠢᠳᠠᠪᠬᠢ᠂ ᠨᠡᠭᠦᠳᠡᠯ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠬᠢ᠂ ᠮᠠᠯᠴᠢᠳ ᠤᠨ ᠦᠢᠯᠡᠴᠢᠯᠡᠭᠡᠨ ᠤ ᠲᠥᠷᠥᠭᠳᠡᠯ ᠭᠤᠷᠪᠠ ᠶᠢ ᠨᠢᠭᠡ ᠴᠣᠭᠴᠠᠵᠢᠭᠤᠯᠤᠭᠰᠠᠨ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠣᠶᠤᠨᠴᠢ ᠡᠮᠴᠢᠯᠡᠭᠡ ᠪᠠᠷ ᠮᠠᠯᠴᠢᠳ ᠤᠨ ᠡᠮᠴᠢᠯᠡᠭᠡᠨ ᠤ ᠦᠢᠯᠡᠴᠢᠯᠡᠭᠡ ᠶᠢᠨ ︽ᠡᠴᠦᠰ ᠤᠨ ᠨᠢᠭᠡ ᠺᠢᠯᠣᠮᠧᠳ᠋ᠷ︾ ᠢ ᠦᠨᠡᠨ ᠬᠦ ᠨᠡᠪᠲᠡᠷᠡᠭᠦᠯᠪᠡ᠃       ︽ᠲᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠬᠢᠨ ᠪᠦᠭᠦ ᠬᠤᠰᠢᠭᠤᠨ ᠤ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢ ᠨᠢᠭᠡ ᠴᠣᠭᠴᠠᠵᠢᠭᠤᠯᠤᠭᠰᠠᠨ ᠪᠦᠭᠦ ᠶᠠᠪᠤᠴᠠ ᠶᠢᠨ ᠡᠮᠴᠢᠯᠡᠭᠡ ᠡᠷᠡᠭᠦᠯ ᠮᠠᠨᠲᠤ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠮᠠᠨ ᠤ ᠬᠤᠰᠢᠭᠤ ᠪᠠᠨ ︿ᠥᠪᠡᠷᠲᠡᠭᠡᠨ ᠵᠠᠰᠬᠤ ᠣᠷᠣᠨ ᠤ ᠵᠢᠵᠢᠭ ᠡᠮ ᠤᠨ ᠬᠠᠶᠢᠷᠴᠠᠭ ᠤᠨ ᠨᠤᠲᠤᠭ﹀ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ︾ ᠭᠡᠵᠦ ᠰᠢᠨ᠎ᠡ ᠪᠠᠷᠭᠤ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠠᠨᠲᠤ ᠶᠢᠨ ᠵᠥᠪᠯᠡᠯ ᠤᠨ ᠳᠡᠳ᠋ ᠡᠷᠭᠢᠯᠡᠭᠴᠢ ᠵᠠᠢ ᠱᠤ᠋ ᠭᠤᠸᠠᠩ ᠶᠠᠷᠢᠪᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ