ᠰᠢᠭᠢᠳᠭᠡᠯᠳᠦ ᠮᠠᠶ᠋ᠢᠭ ᠤᠨ ︽ᠥᠯᠵᠡᠶᠢᠲᠦ ᠭᠠᠨᠵᠤᠤᠷ︾
ᠨᠡᠶᠢᠲᠡᠯᠡᠭᠰᠡᠨ ᠴᠠᠭ᠄
2024/10/25
       ᠲᠦᠷᠦᠭᠦᠬᠡᠨ᠂ ᠰᠢᠨ᠎ᠡ ᠪᠠᠷᠭᠤ ᠵᠡᠭᠦᠨ ᠬᠤᠰᠢᠭᠤᠨ ᠤ ᠭᠠᠨᠵᠤᠤᠷ ᠰᠤᠮᠤ ᠶᠢᠨ ᠪᠠᠷᠭᠤ ᠰᠣᠶᠣᠯ ᠤᠨ ᠦᠢᠯᠡᠰ ᠪᠣᠰᠬᠠᠬᠤ ᠬᠦᠷᠢᠶᠡᠯᠡᠩ ᠳᠤ ︽ᠠᠨᠠᠷ ᠤᠨ ᠦᠷ᠎ᠡ︾  ᠶᠢᠨ ᠥᠯᠢᠭᠡᠷ ᠢ ᠬᠤᠪᠢᠶᠠᠯᠴᠠᠬᠤ ᠠᠵᠢᠯᠯᠠᠭ᠎ᠠ ᠶᠠᠪᠤᠭᠳᠠᠵᠤ᠂ ᠬᠥᠯᠥᠨ ᠪᠤᠶᠢᠷ ᠬᠤᠳᠠ ᠶᠢᠨ ᠶᠣᠰᠣ ᠰᠤᠷᠲᠠᠬᠤᠨ ᠤ ᠵᠢᠱᠢᠶᠡᠴᠢ᠂ ᠭᠠᠨᠵᠤᠤᠷ ᠰᠤᠮᠤ ᠶᠢᠨ ᠶᠡᠭᠡ ᠬᠦᠷᠢᠶ᠎ᠡ ᠭᠠᠴᠠᠭᠠᠨ ᠤ ᠰᠤᠪᠡᠭᠲᠤᠷᠵᠢ ᠨᠠᠰᠤᠲᠠᠨ ᠠᠴᠠ ᠨᠠᠰᠤᠨ ᠳᠤ ᠦᠯᠤ ᠭᠦᠷᠦᠭᠡᠳᠦᠢ 4 ᠬᠡᠦᠬᠡᠳ ᠢ ᠭᠠᠭᠴᠠᠭᠠᠷ ᠢᠶᠠᠨ ᠠᠰᠠᠷᠠᠨ ᠲᠡᠵᠢᠭᠡᠵᠦ᠂ ᠶᠡᠭᠡ ᠰᠤᠷᠭᠠᠭᠤᠯᠢ ᠶᠢᠨ ᠣᠶᠤᠲᠠᠨ ᠪᠣᠯᠭᠠᠨ ᠬᠥᠮᠥᠵᠢᠭᠦᠯᠦᠭᠰᠡᠨ ᠰᠡᠳᠬᠢᠯ ᠬᠥᠳᠡᠯᠭᠡᠮ᠎ᠡ ᠦᠯᠢᠭᠡᠷ ᠢᠶᠠᠨ ᠬᠤᠪᠢᠶᠠᠯᠴᠠᠯ᠎ᠠ᠃       ᠣᠶᠢᠷ᠎ᠠ ᠶᠢᠨ ᠵᠢᠯ ᠠᠴᠠ ᠭᠠᠨᠵᠤᠤᠷ ᠰᠤᠮᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ ᠨᠢᠭᠲᠠ ᠤᠶᠠᠯᠳᠤᠭᠤᠯᠤᠨ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠪᠦᠭᠦ ᠰᠤᠮᠤᠨ ᠤ ᠳᠡᠭᠡᠳᠦ ᠳᠣᠣᠷᠠᠳᠤ ᠱᠠᠲᠤᠨ ᠤ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ︽ᠠᠭᠤᠰᠤᠯᠴᠠᠭᠤᠯᠬᠤ︾ ᠳᠡᠭᠡᠷ᠎ᠡ ᠬᠦᠴᠦ ᠲᠠᠯᠪᠢᠵᠤ᠂ ︽ᠲᠠᠪᠤ ᠶᠢ ᠠᠳᠬᠤᠬᠤ︾ ᠠᠷᠭ᠎ᠠ ᠬᠡᠮᠵᠢᠶ᠎ᠡ ᠪᠠᠷ ᠬᠠᠷᠢᠯᠴᠠᠨ ᠰᠢᠭᠢᠳᠬᠡᠬᠦ ᠮᠠᠶ᠋ᠢᠭ ᠤᠨ ᠬᠥᠭᠵᠢᠯᠲᠡ ᠶᠢᠨ ᠣᠷᠴᠢᠨ ᠢ ᠢᠳᠡᠪᠬᠢᠲᠡᠢ ᠪᠠᠶᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠥᠷᠭᠡᠨ ᠳᠡᠯᠭᠡᠷ ᠶᠠᠪᠤᠯᠴᠠᠭ᠎ᠠ ᠪᠦᠭᠦ ᠲᠠᠯ᠎ᠠ ᠶᠢᠨ ᠰᠣᠯᠢᠯᠴᠠᠭ᠎ᠠ ᠭᠦᠨᠵᠡᠭᠡᠢ ᠠᠭᠤᠰᠤᠯᠴᠠᠯ ᠢ ᠠᠬᠢᠭᠤᠯᠪᠠ᠃       ᠲᠤᠰ ᠰᠤᠮᠤ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠠᠳᠬᠤᠵᠤ᠂ ᠬᠠᠷᠢᠯᠴᠠᠨ ᠰᠢᠭᠢᠳᠬᠡᠭᠰᠡᠨ ᠮᠠᠶ᠋ᠢᠭ ᠤᠨ ᠬᠥᠭᠵᠢᠯᠲᠡ ᠶᠢᠨ ︽ᠨᠢᠭᠡ ᠬᠥᠯᠭᠡ ᠰᠢᠲᠠᠷ᠎ᠠ︾ ᠶᠢᠨ ᠪᠠᠶᠢᠷᠢᠰᠢᠯ ᠢ ᠴᠣᠭᠴᠠᠯᠠᠨ ᠪᠠᠶᠢᠭᠤᠯᠬᠤ ᠶᠢᠨ ᠬᠠᠮᠲᠤ ︽ᠳᠣᠲᠣᠭᠠᠳᠤ ᠠᠮᠢᠵᠢᠷᠠᠯ ᠤᠨ ᠬᠦᠴᠦᠨ︾ ᠢ ᠬᠥᠭᠵᠢᠭᠡᠵᠦ᠂ ᠪᠦᠭᠦ ᠬᠤᠲᠠ ᠶᠢᠨ ᠠᠩᠬᠠᠳᠠᠭᠴᠢ ᠠᠳᠤᠭᠤᠨ ᠰᠣᠶᠣᠯ ᠤᠨ ᠮᠦᠽᠧᠢ ᠶᠢ ᠪᠠᠶᠢᠭᠤᠯᠤᠨ᠂ ᠰᠤᠳᠤᠯᠤᠨ ᠰᠤᠷᠤᠯᠴᠠᠬᠤ ᠰᠣᠯᠢᠯᠴᠠᠭ᠎ᠠ ᠬᠢᠬᠦ ᠶᠢ ᠨᠢᠭᠡ ᠴᠣᠭᠴᠠᠵᠢᠭᠤᠯᠬᠤ ᠲᠠᠪᠴᠠᠩ ᠢ ᠪᠠᠶᠢᠭᠤᠯᠵᠤ᠂ ᠤᠮᠠᠷᠠᠲᠤ ᠬᠢᠯᠢ ᠶᠢᠨ ᠭᠦᠨ ᠵᠤᠵᠠᠭᠠᠨ ᠲᠡᠦᠬᠡ ᠰᠣᠶᠣᠯ ᠪᠠ ᠡᠯᠪᠡᠭ ᠪᠠᠶᠠᠯᠢᠭ ᠬᠥᠮᠥᠨ ᠰᠣᠶᠣᠯ ᠤᠨ ᠡᠬᠢ ᠪᠠᠶᠠᠯᠢᠭ ᠢ ᠠᠮᠢᠳᠤᠯᠢᠭ ᠢᠶᠠᠷ ᠳᠡᠯᠭᠡᠨ ᠦᠵᠡᠭᠦᠯᠭᠦ ᠶᠢᠨ ᠬᠠᠮᠲᠤ ᠪᠠᠰᠠ ᠵᠢᠯ ᠳᠠᠷᠠᠭᠠᠯᠠᠨ ︽ᠥᠯᠵᠡᠶᠢᠲᠦ ᠭᠠᠨᠵᠤᠤᠷ︾ ᠮᠠᠯᠴᠢᠳ ᠤᠨ ᠨᠠᠶᠢᠷᠠᠯ ᠳᠠᠭᠤᠤ ᠶᠢᠨ ᠤᠷᠤᠯᠳᠤᠭᠠᠨ ᠡᠷᠭᠢᠯᠡᠨ᠎ᠠ᠃       ᠭᠠᠨᠵᠤᠤᠷ ᠰᠤᠮᠤ ︽ᠲᠠᠯ᠎ᠠ ᠨᠤᠲᠤᠭ ᠤᠨ ᠬᠤᠰᠢᠭᠤᠴᠢ︾ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢᠶᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢ ᠬᠥᠲᠥᠯᠥᠨ ᠳᠠᠭᠠᠭᠤᠯᠵᠤ᠂ ︽ᠵᠢᠱᠢᠶ᠎ᠡ ᠦᠵᠡᠭᠦᠯᠭᠦ ᠭᠠᠴᠠᠭ᠎ᠠ︾᠂ ︽ᠵᠢᠱᠢᠶ᠎ᠡ ᠦᠵᠡᠭᠦᠯᠭᠦ ᠭᠤᠣᠯᠳᠠᠯᠭᠠᠲᠤ ᠡᠷᠦᠭᠡ︾᠂ 21 ︽ᠵᠢᠱᠢᠶ᠎ᠡ ᠦᠵᠡᠭᠦᠯᠭᠦ ᠬᠢᠯᠢ ᠬᠠᠮᠠᠭᠠᠯᠠᠭᠴᠢ︾ ᠶᠢ ᠰᠢᠯᠭᠠᠷᠠᠭᠤᠯᠤᠨ᠂ ᠦᠨᠳᠦᠰᠦᠲᠡᠨ ᠤ ᠪᠦᠯᠬᠦᠮᠳᠡᠯ ᠤᠨ ︽ᠬᠦᠴᠦᠯᠡᠴᠡ︾᠂ ︽ᠭᠦᠨᠴᠡ︾᠂ ︽ᠳᠤᠯᠠᠭᠠᠴᠠ︾  ᠶᠢ ᠨᠡᠮᠡᠭᠳᠡᠭᠦᠯᠦᠨ᠂ ︽ᠬᠤᠣᠰ ᠵᠠᠭᠤᠨ ᠵᠢᠱᠢᠶ᠎ᠡ ᠦᠵᠡᠭᠦᠯᠭᠦ ᠢᠨᠵᠧᠨᠧᠷᠢᠩ︾ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠪᠦᠭᠦ ᠬᠤᠰᠢᠭᠤᠨ ᠤ ᠲᠠᠪᠤᠳᠤᠭᠠᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠵᠢᠱᠢᠶᠡᠴᠢ ᠬᠠᠮᠲᠤ︾ ᠶᠢᠨ ᠢᠷᠠᠭᠤ ᠠᠯᠳᠠᠷ ᠢ ᠬᠦᠷᠲᠡᠵᠦ ᠥᠩᠭᠡᠷᠡᠪᠡ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ