ᠤᠯᠠᠨ ᠬᠡᠯᠡᠨ ᠤ ᠰᠤᠷᠪᠤᠯᠵᠢ ᠪᠢᠴᠢᠭ ᠪᠣᠯᠣᠨ ᠤᠮᠠᠷᠠᠲᠤ ᠬᠢᠵᠠᠭᠠᠷ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠰᠤᠳᠤᠯᠭᠠᠨ ᠤ ᠵᠠᠯᠠᠭᠤ ᠡᠷᠳᠡᠮᠲᠡᠳ ᠤᠨ ᠶᠠᠷᠢᠶᠠᠨ ᠤ ᠲᠠᠪᠴᠠᠩ ᠭᠦᠭᠡᠬᠤᠲᠠ ᠳᠤ ᠶᠠᠪᠤᠭᠳᠠᠵᠠᠢ
ᠨᠡᠶᠢᠲᠡᠯᠡᠭᠰᠡᠨ ᠴᠠᠭ᠄
2024/10/25
       10 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠮᠠᠷᠠᠲᠤ ᠶᠢᠨ ᠣᠯᠠᠨ ᠬᠡᠯᠡᠨ ᠤ ᠰᠤᠷᠪᠤᠯᠵᠢ ᠪᠢᠴᠢᠭ ᠰᠤᠳᠤᠯᠬᠤ ᠭᠠᠵᠠᠷ ᠠᠴᠠ ᠭᠤᠣᠯᠯᠠᠨ ᠡᠷᠭᠢᠯᠡᠭᠰᠡᠨ ᠤᠯᠠᠨ ᠬᠡᠯᠡᠨ ᠤ ᠰᠤᠷᠪᠤᠯᠵᠢ ᠪᠢᠴᠢᠭ ᠪᠣᠯᠣᠨ ᠤᠮᠠᠷᠠᠲᠤ ᠬᠢᠵᠠᠭᠠᠷ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠰᠤᠳᠤᠯᠭᠠᠨ ᠤ ᠵᠠᠯᠠᠭᠤ ᠡᠷᠳᠡᠮᠲᠡᠳ ᠤᠨ ᠶᠠᠷᠢᠶᠠᠨ ᠤ ᠲᠠᠪᠴᠠᠩ ᠭᠦᠭᠡᠬᠤᠲᠠ ᠳᠤ ᠡᠬᠢᠯᠡᠪᠡ᠃       ᠬᠤᠷᠠᠯ ᠨᠢ᠂ ᠪᠦᠭᠦ ᠤᠯᠤᠰ ᠤᠨ ᠡᠯ᠎ᠡ ᠭᠠᠵᠠᠷ ᠤᠨ ᠵᠠᠯᠠᠭᠤ ᠴᠢᠳᠠᠪᠤᠷᠢᠲᠠᠨ ᠢ ᠴᠤᠭᠯᠠᠷᠠᠭᠤᠯᠵᠤ᠂ ᠣᠯᠠᠨ ᠵᠦᠢᠯ ᠤᠨ ᠬᠡᠯᠡᠨ ᠤ ᠰᠤᠷᠪᠤᠯᠵᠢ ᠪᠢᠴᠢᠭ ᠲᠠᠬᠢ ᠰᠣᠶᠣᠯ ᠢᠷᠭᠡᠨᠰᠢᠯ ᠤᠨ ᠵᠣᠷᠢᠭ ᠰᠠᠨᠠᠭ᠎ᠠ᠂ ᠳᠠᠪᠰᠢᠩᠭᠤᠢ ᠦᠵᠡᠯ ᠰᠠᠨᠠᠭ᠎ᠠ ᠵᠢᠴᠢ ᠥᠷᠲᠡᠭ ᠤᠨ ᠣᠶᠢᠯᠠᠭᠠᠭᠳᠠᠬᠤᠨ ᠢ ᠭᠦᠨᠵᠡᠭᠡᠢ ᠠᠭᠤᠳᠠᠯᠬᠤ ᠪᠠᠷ ᠳᠠᠮᠵᠢᠭᠤᠯᠤᠨ᠂ ᠤᠮᠠᠷᠠᠲᠤ ᠬᠢᠵᠠᠭᠠᠷ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠰᠤᠳᠠᠰᠤ ᠶᠢ ᠡᠮᠬᠢᠯᠡᠵᠦ᠂ ᠶᠣᠰᠣ ᠰᠤᠷᠲᠠᠬᠤᠨ ᠤ ᠦᠨ᠎ᠡ ᠥᠷᠲᠡᠭ ᠪᠣᠯᠣᠨ ᠪᠣᠳᠠᠲᠤ ᠠᠴᠢ ᠬᠤᠯᠪᠣᠭᠳᠠᠯ ᠢ ᠨᠢ ᠲᠣᠳᠣᠷᠬᠠᠶᠢᠯᠠᠨ ᠥᠭᠦᠯᠡᠵᠦ᠂ ᠡᠭᠦᠨ ᠤ ᠤᠯᠠᠮ ᠢᠶᠠᠷ ᠦᠨᠳᠦᠰᠦᠲᠡᠨ ᠨᠦᠭᠦᠳ ᠤᠨ ᠬᠤᠭᠤᠷᠣᠨᠳᠣᠭᠢ ᠬᠠᠷᠢᠯᠴᠠᠨ ᠰᠤᠷᠤᠯᠴᠠᠬᠤ ᠶᠢ ᠠᠬᠢᠭᠤᠯᠵᠤ᠂ ︽ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠰᠣᠶᠣᠯ ᠤᠨ ᠤᠯᠠᠮᠵᠢᠯᠠᠯ ᠢ ᠬᠠᠮᠠᠭᠠᠯᠠᠨ ᠬᠥᠭᠵᠢᠭᠦᠯᠬᠦ ᠪᠠᠷ ᠭᠤᠣᠯ ᠵᠣᠷᠢᠯᠲᠠ ᠪᠠᠨ ᠪᠣᠯᠭᠠᠪᠠ᠃       ᠲᠤᠰ ᠤᠳᠠᠭ᠎ᠠ ᠶᠢᠨ ᠶᠠᠷᠢᠶᠠᠨ ᠤ ᠲᠠᠪᠴᠠᠩ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠮᠠᠰᠢ ᠤᠯᠠᠨ ᠶᠡᠭᠡ ᠳᠡᠭᠡᠳᠦ ᠰᠤᠷᠭᠠᠭᠤᠯᠢ ᠪᠣᠯᠣᠨ ᠤᠯᠤᠰ ᠤᠨ ᠳᠣᠲᠣᠭᠠᠳᠤ ᠶᠢᠨ ᠡᠯ᠎ᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠢᠴᠢ ᠪᠤᠰᠤᠳ ᠨᠢᠭᠡᠴᠢ ᠶᠢᠨ 100 ᠭᠠᠷᠤᠢ ᠵᠠᠯᠠᠭᠤ ᠡᠷᠳᠡᠮᠲᠡᠨ ᠣᠷᠣᠯᠴᠠᠪᠠ᠃ ᠶᠠᠷᠢᠶᠠᠨ ᠤ ᠲᠠᠪᠴᠠᠩ ᠤᠨ ᠬᠢᠨ ᠨᠡᠶᠢᠲᠡ 120 ᠭᠠᠷᠤᠢ ᠥᠭᠦᠯᠡᠯ ᠬᠤᠷᠢᠶᠠᠨ ᠣᠯᠵᠤ᠂ ᠡᠴᠦᠰ ᠲᠤ 70 ᠭᠠᠷᠤᠢ ᠥᠭᠦᠯᠡᠯ ᠨᠢ ᠥᠭᠦᠯᠡᠯ ᠤᠨ ᠲᠡᠭᠦᠪᠦᠷᠢ ᠳᠤ ᠰᠣᠩᠭᠤᠭᠳᠠᠵᠠᠢ᠃ ᠴᠢᠩᠬᠤᠸᠠ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠡᠭᠡ ᠰᠤᠷᠭᠠᠭᠤᠯᠢ᠂ ᠭᠧᠷᠮᠠᠨ ᠤ ᠪᠣᠨ ᠶᠡᠭᠡ ᠰᠤᠷᠭᠠᠭᠤᠯᠢ᠂ ᠶᠠᠫᠤᠨ ᠤ ᠺᠠᠨᠠᠭᠠᠸᠠ ᠶᠡᠭᠡ ᠰᠤᠷᠭᠠᠭᠤᠯᠢ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ᠂ ᠯᠠᠨᠵᠧᠦ ᠶᠡᠭᠡ ᠰᠤᠷᠭᠠᠭᠤᠯᠢ ᠵᠡᠷᠭᠡ 30 ᠭᠠᠷᠤᠢ ᠶᠡᠭᠡ ᠳᠡᠭᠡᠳᠦ ᠰᠤᠷᠭᠠᠭᠤᠯᠢ ᠵᠢᠴᠢ ᠪᠤᠰᠤᠳ ᠡᠯ᠎ᠡ ᠲᠦᠷᠦᠯ ᠤᠨ ᠨᠢᠭᠡᠴᠢ ᠶᠢᠨ 70 ᠭᠠᠷᠤᠢ ᠵᠠᠯᠠᠭᠤ ᠡᠷᠳᠡᠮᠲᠡᠨ ᠰᠠᠨᠠᠯ ᠢᠶᠠᠨ ᠰᠣᠯᠢᠯᠴᠠᠬᠤ ᠦᠭᠡ ᠬᠡᠯᠡᠪᠡ᠃       ᠭᠤᠣᠯ ᠵᠤᠷᠢᠯᠳᠠᠳᠤ ᠶᠠᠷᠢᠶ᠎ᠠ ᠲᠠᠯᠪᠢᠬᠤ ᠠᠴᠠ ᠭᠠᠳᠠᠨ᠎ᠠ᠂ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠳᠤ ᠪᠠᠰᠠ ᠤᠮᠠᠷᠠᠲᠤ ᠬᠢᠵᠠᠭᠠᠷ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠰᠤᠳᠤᠯᠭᠠᠨ ᠤ ᠲᠤᠰᠬᠠᠢ ᠰᠡᠳᠦᠪ᠂ ᠤᠯᠠᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠬᠦᠷᠢᠶᠡᠨ ᠤ ᠳᠣᠣᠷᠠᠬᠢ ᠪᠤᠷᠬᠠᠨ ᠱᠠᠰᠢᠨ ᠤ ᠰᠣᠶᠣᠯ ᠤᠨ ᠰᠤᠳᠤᠯᠭᠠᠨ ᠤ ᠲᠤᠰᠬᠠᠢ ᠰᠡᠳᠦᠪ ᠪᠠ ᠦᠭᠡ ᠭᠡᠯᠡ᠂ ᠤᠳᠬ᠎ᠠ ᠵᠣᠬᠢᠶᠠᠯ᠂ ᠤᠷᠠᠯᠢᠭ ᠤᠨ ᠰᠤᠷᠪᠤᠯᠵᠢ ᠪᠢᠴᠢᠭ ᠠᠴᠠ ᠣᠯᠵᠤ ᠦᠵᠡᠭᠰᠡᠨ ᠤᠮᠠᠷᠠᠲᠤ ᠬᠢᠵᠠᠭᠠᠷ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠰᠤᠳᠤᠯᠭᠠᠨ ᠤ ᠲᠤᠰᠬᠠᠢ ᠰᠡᠳᠦᠪ ᠢᠶᠠᠷ ᠭᠤᠷᠪᠠᠨ ᠬᠤᠪᠢᠶᠠᠷᠢ ᠬᠤᠷᠠᠯ ᠤᠨ ᠲᠠᠯᠠᠪᠠᠢ ᠭᠠᠷᠭᠠᠵᠤ ᠲᠤᠰᠬᠠᠢ ᠰᠡᠳᠦᠪᠲᠦ ᠶᠠᠷᠢᠶ᠎ᠠ ᠲᠠᠯᠪᠢᠵᠠᠢ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ