︽ᠨᠠᠳᠠ ᠶᠢ ᠲᠠᠭᠠᠵᠤ ᠢᠯᠢ ᠶᠢᠨ ᠡᠭᠦᠯᠡᠨ ᠵᠢᠷᠤᠭ ᠢᠶᠠᠷ ᠢᠯᠢ ᠪᠦᠯᠦᠭᠯᠡᠯ ᠪᠣᠯᠣᠨ ᠢᠯᠢ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ | ᠪᠦᠬᠦᠯᠢ ᠴᠣᠭᠴᠠ ᠶᠢᠨ ᠲᠥᠯᠦᠪᠵᠢᠭᠦᠯᠭᠡ ᠶᠢᠨ ᠪᠠᠶᠢᠳᠠᠯ ᠢ ᠣᠶᠢᠯᠠᠭᠠᠭᠠᠷᠠᠢ︕︾ ᠢᠯᠢ ᠪᠦᠯᠦᠭᠯᠡᠯ ᠤᠨ ᠣᠲᠣ ᠦᠶ᠎ᠡᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ | ᠶᠢᠨ ᠦᠵᠡᠭᠦᠯᠭᠡ ᠶᠢᠨ ᠲᠢᠩᠬᠢᠮ ᠳᠤ᠂ ᠢᠯᠢ ᠪᠦᠯᠦᠭᠯᠡᠯ ᠤᠨ ᠬᠢᠨ ᠣᠯᠠᠨ ᠵᠠᠭᠤᠴᠢᠲᠤ ᠮᠡᠷᠭᠡᠵᠢᠯ ᠢᠶᠠᠷ ᠳᠠᠮᠵᠢᠭᠤᠯᠵᠤ ᠢᠯᠢ ᠨᠠᠷᠠᠲᠤ ᠲᠡᠮᠳᠡᠭᠲᠦ ᠶᠢᠨ | ᠬᠥᠭᠵᠢᠯᠲᠡ ᠶᠢᠨ ᠶᠠᠪᠤᠴᠠ ᠶᠢ ᠲᠠᠨᠢᠯᠴᠠᠭᠤᠯᠵᠤ᠂ ︽ᠨᠢᠭᠡ ᠰᠢᠷᠬᠡᠭ ᠡᠪᠡᠰᠦ︾ ᠠᠴᠠ ︽ᠨᠢᠭᠡ ᠴᠣᠮᠣ ᠰᠦ︾ ᠬᠦᠷᠲᠡᠯᠡᠬᠢ ᠪᠦᠭᠦ ᠶᠠᠪᠤᠴᠠ ᠶᠢ ᠳᠡᠯᠭᠡᠨ | ᠦᠵᠡᠭᠦᠯᠦᠨ᠎ᠡ᠃ | ᠢᠯᠢ ᠪᠦᠯᠦᠭᠯᠡᠯ ᠤᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠨᠢ ᠭᠦᠭᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠭᠤᠣᠯᠳᠠᠯᠭ᠎ᠠ ᠲᠠᠢ ᠲᠥᠷᠥᠯ ᠵᠦᠢᠯ ᠪᠣᠯᠤᠭᠰᠠᠨ ᠤ ᠬᠤᠪᠢ ᠳᠤ᠂ ᠠᠵᠤ ᠦᠢᠯᠡᠰ ᠢᠶᠠᠷ ᠬᠥᠳᠡᠯᠭᠡᠭᠦᠷ ᠪᠤᠯᠭᠠᠬᠰᠠᠨ ᠪᠦᠭᠦ ᠬᠡᠯᠬᠢᠶ᠎ᠡ ᠶᠢᠨ | ᠬᠥᠭᠵᠢᠯᠲᠡ᠂ ᠣᠶᠤᠨᠲᠤ ᠦᠢᠯᠡᠳᠪᠦᠷᠢᠯᠡᠯ ᠪᠠ ᠣᠶᠤᠨᠲᠤ ᠠᠮᠢᠳᠤᠷᠠᠯ ᠢᠶᠠᠷ ᠣᠷᠣᠨ ᠤ ᠲᠥᠪ ᠲᠤ ᠬᠦᠴᠦᠨ ᠨᠡᠮᠡᠷᠢᠯᠡᠪᠡ᠃ ᠲᠣᠰ ᠲᠥᠷᠥᠯ ᠵᠦᠢᠯ ᠨᠢ ᠠᠮᠢ | ᠠᠬᠤᠢ ᠪᠠᠷ ᠰᠠᠭᠤᠷᠢ ᠪᠤᠯᠭᠠᠵᠤ᠂ ᠰᠦ ᠶᠢᠨ ᠠᠵᠤ ᠦᠢᠯᠡᠰ ᠢᠶᠠᠷ ᠤᠳᠤᠷᠢᠳᠤᠮᠵᠢ ᠪᠤᠯᠭᠠᠵᠤ᠂ ᠡᠷᠡᠭᠦᠯ ᠮᠡᠨᠳᠦ ᠶᠢᠨ ᠠᠵᠤ ᠦᠢᠯᠡᠰ ᠢᠶᠠᠷ ᠡᠭᠦᠷᠭᠡ | ᠬᠠᠷᠢᠭᠤᠴᠠᠯᠭ᠎ᠠ ᠪᠠᠨ ᠪᠤᠯᠭᠠᠵᠤ᠂ ᠲᠠᠷᠢᠮᠠᠯ ᠤᠨ ᠦᠢᠯᠡᠰ ᠤᠨ ᠬᠥᠭᠵᠢᠯᠲᠡ᠂ ᠰᠦ ᠶᠢᠨ ᠢᠷᠡᠯᠲᠡ ᠶᠢᠨ ᠪᠦᠲᠦᠭᠡᠨ ᠪᠠᠶᠢᠭᠤᠯᠤᠯᠲᠠ᠂ ᠣᠶᠤᠨᠴᠢ ᠦᠢᠯᠡᠳᠬᠦ ᠦᠢᠯᠡᠰ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠰᠣᠶᠣᠯ ᠵᠢᠭᠤᠯᠴᠢᠯᠠᠯ ᠰᠡᠯᠡᠭᠦᠴᠡᠯ᠂ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠪᠠᠷ ᠭᠤᠣᠯ | ᠪᠤᠯᠭᠠᠬᠰᠠᠨ ᠳᠠᠷᠢᠵᠤ ᠲᠡᠵᠢᠭᠡᠬᠦ ᠡᠳ᠋ᠰᠢᠭᠦᠯᠬᠦ ᠶᠢ ᠨᠢᠭᠡ ᠴᠣᠭᠴᠠᠵᠢᠭᠤᠯᠤᠭᠰᠠᠨ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ | ᠰᠣᠶᠣᠯ ᠵᠢᠭᠤᠯᠴᠢᠯᠠᠯ ᠠᠷᠠᠯᠵᠢᠶ᠎ᠠ ᠬᠤᠳᠠᠯᠳᠤᠭ᠎ᠠ ᠣᠯᠠᠨ ᠡᠵᠡᠩᠨᠡᠯᠲᠡ ᠶᠢᠨ ᠭᠡᠯᠪᠡᠷᠢ ᠶᠢ ᠠᠭᠤᠰᠤᠯᠴᠠᠭᠤᠯᠤᠨ ᠬᠥᠭᠵᠢᠭᠦᠯᠦᠭᠰᠡᠨ ᠠᠵᠤ ᠦᠢᠯᠡᠰ ᠤᠨ ᠰᠢᠰᠲ᠋ᠧᠮ | ᠪᠣᠯᠣᠨ᠎ᠠ᠃ | ︽ᠢᠯᠢ ᠪᠦᠯᠦᠭᠯᠡᠯ ᠢᠮᠠᠭᠲᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢᠨ ᠡᠯ᠎ᠡ ᠲᠠᠯ᠎ᠠ ᠳᠤ ᠪᠦᠭᠦ | ᠲᠠᠯ᠎ᠠ ᠪᠠᠷ ᠠᠭᠤᠰᠤᠯᠴᠠᠭᠤᠯᠵᠤ᠂ ᠠᠵᠤ ᠠᠬᠤᠶᠢᠯᠠᠯ ᠤᠨ ᠬᠥᠭᠵᠢᠯᠲᠡ ᠪᠠᠷ ᠳᠠᠮᠵᠢᠭᠤᠯᠤᠨ ᠭᠠᠵᠠᠷ ᠣᠷᠣᠨ ᠤ ᠬᠥᠭᠵᠢᠯᠲᠡ ᠶᠢ ᠪᠡᠶᠡᠯᠡᠭᠦᠯᠵᠦ᠂ ᠡᠭᠦᠨ ᠤ ᠤᠯᠠᠮ ᠢᠶᠠᠷ | ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠢ ᠠᠬᠢᠭᠤᠯᠪᠠ︾ ᠭᠡᠵᠦ ᠢᠯᠢ ᠪᠦᠯᠦᠭᠯᠡᠯ ᠤᠨ ᠨᠠᠮ ᠪᠠ ᠣᠯᠠᠨ ᠲᠦᠮᠡᠨ ᠤ ᠠᠵᠢᠯ ᠤᠨ | ᠳᠠᠭᠠᠭᠠᠮᠠᠯ ᠯᠢᠦ ᠶᠢᠨ ᠸᠧᠢ ᠲᠠᠨᠢᠯᠴᠠᠭᠤᠯᠪᠠ᠃ | ᠢᠯᠢ ᠪᠦᠯᠦᠭᠯᠡᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ | ᠣᠶᠢᠷ᠎ᠠ ᠶᠢᠨ 5 ᠵᠢᠯ ᠤᠨ ᠲᠤᠷᠰᠢ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ ᠪᠦᠯᠦᠭ ᠤᠨ ᠪᠦᠭᠦ ᠣᠷᠣᠨ ᠤ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠵᠢᠱᠢᠶ᠎ᠡ ᠦᠵᠡᠭᠦᠯᠭᠦ ᠨᠢᠭᠡᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠢᠯᠡᠳᠦᠯᠭᠡ ᠶᠢᠨ ᠰᠠᠭᠤᠷᠢᠨ ᠢᠶᠠᠷ ᠦᠨᠡᠯᠡᠭᠳᠡᠪᠡ᠃ | ᠢᠯᠢ ᠪᠦᠯᠦᠭᠯᠡᠯ ᠲᠣᠯᠣᠭᠠᠶᠢᠯᠠᠭᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠦᠨᠳᠦᠰᠦᠲᠡᠨ ᠤ | ᠪᠦᠯᠬᠦᠮᠳᠡᠯ ᠤᠨ ︽ᠰᠡᠳᠬᠢᠯ ᠤᠨ ᠬᠥᠭᠦᠷᠭᠡ︾ ᠶᠢ ᠪᠠᠶᠢᠭᠤᠯᠵᠤ᠂ ᠣᠲᠣ ᠪᠤᠯᠲᠠᠯ᠎ᠠ 560 ᠲᠦᠮᠡᠨ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠦᠨ ᠴᠢᠨᠡᠭᠡᠯᠢᠭᠵᠢᠯ ᠤᠨ ᠵᠠᠮ ᠢᠶᠠᠷ ᠬᠥᠲᠥᠯᠵᠦ᠂ 2021 ᠣᠨ ᠳᠤ ᠪᠦᠭᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠲᠡᠷᠢᠭᠦᠨ ᠤ ᠬᠠᠮᠲᠤ ᠶᠢᠨ ᠢᠷᠠᠭᠤ ᠠᠯᠳᠠᠷ ᠢ ᠬᠦᠷᠲᠡᠵᠦ᠂ ︽ᠢᠯᠢ ᠰᠢᠮ᠎ᠡ ᠲᠡᠵᠢᠭᠡᠯ 2030︾ ᠪᠠ ︽ᠢᠯᠢ ᠹᠠᠩ ᠵᠧᠦ︾ ᠵᠡᠷᠭᠡ ᠨᠡᠶᠢᠲᠡ ᠶᠢᠨ ᠠᠰᠠᠷᠠᠮᠵᠢ ᠶᠢᠨ | ᠲᠥᠷᠥᠯ ᠵᠦᠢᠯ ᠢ ᠡᠭᠦᠳᠴᠦ᠂ ᠪᠦᠭᠦ ᠤᠯᠤᠰ ᠤᠨ 25 ᠮᠤᠵᠢ ᠶᠢᠨ 70 ᠲᠦᠮᠡ ᠰᠢᠬᠠᠮ ᠦᠨᠳᠦᠰᠦᠲᠡᠨ ᠨᠦᠭᠦᠳ ᠤᠨ ᠬᠡᠦᠬᠡᠳ ᠲᠤ ᠠᠰᠢᠭ ᠬᠦᠷᠲᠡᠭᠡᠪᠡ᠃ | |