ᠤᠯᠠᠭᠠᠨᠬᠦᠦ ᠬᠡᠦᠬᠡᠳ ᠤᠨ ᠴᠡᠴᠡᠷᠯᠢᠭ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠦᠵᠡᠭᠦᠯᠭᠡ ᠶᠢᠨ ᠲᠠᠰᠤᠭ ᠲᠤ ᠤᠯᠤᠰ ᠢᠶᠠᠨ | ᠬᠠᠶᠢᠷᠠᠯᠠᠬᠤ ᠦᠵᠡᠯ ᠤᠨ ᠬᠥᠮᠦᠵᠢᠯ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠵᠡᠷᠭᠡ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢᠨ ᠲᠦᠢᠮᠣ | ᠵᠢᠷᠤᠭ ᠤᠳ ᠳᠦᠭᠦᠷᠡᠩ ᠡᠯᠭᠦᠭᠡᠰᠦᠲᠡᠢ᠃ ᠡᠨᠡ ᠪᠣᠯ ᠣᠶᠢᠷ᠎ᠠ ᠶᠢᠨ ᠵᠢᠯ ᠤᠳ ᠲᠤ ᠠᠳᠡ ᠶᠠᠪᠤᠭᠳᠠᠭᠰᠠᠨ ᠠᠵᠢᠯᠯᠠᠭ᠎ᠠ ᠨᠤᠭᠤᠳ ᠪᠣᠯᠣᠨ᠎ᠠ᠃ | ︽ᠪᠢᠳᠡ ᠵᠢᠯ ᠪᠦᠷᠢ ᠴᠢᠬᠤᠯᠠ ᠶᠡᠭᠡ ᠲᠡᠦᠬᠡ ᠶᠢᠨ ᠬᠡᠷᠡᠭ ᠶᠠᠪᠤᠳᠠᠯ ᠪᠠ ᠲᠡᠦᠬᠡ ᠶᠢᠨ ᠨᠠᠷᠠᠲᠤ ᠬᠥᠮᠥᠰ ᠢ ᠳᠤᠷᠠᠰᠬᠠᠬᠤ ᠠᠵᠢᠯᠯᠠᠭ᠎ᠠ ᠶᠢ ᠠᠰᠢᠭᠯᠠᠨ | ᠴᠡᠴᠡᠷᠯᠢᠭ ᠤᠨ ᠬᠡᠦᠬᠡᠳ ᠵᠢᠴᠢ ᠪᠠᠭᠰᠢ᠂ ᠭᠡᠷ ᠤᠨ ᠠᠬᠠᠮᠠᠳ ᠢ ᠵᠣᠬᠢᠶᠠᠨ ᠪᠠᠶᠢᠭᠤᠯᠵᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠥᠷᠨᠢᠭᠦᠯᠵᠦ᠂ ᠬᠡᠦᠬᠡᠳ ᠤᠨ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠬᠥᠮᠥᠵᠢᠭᠦᠯᠦᠨ | ᠦᠨᠳᠦᠰᠦᠲᠡᠨ ᠨᠦᠭᠦᠳ ᠤᠨ ᠬᠡᠦᠬᠡᠳ ᠤᠨ ᠰᠡᠳᠬᠢᠯ ᠳᠤ ︽ᠲᠠᠪᠤᠨ ᠣᠳᠣᠲᠤ ᠤᠯᠠᠭᠠᠨ ᠲᠤᠭ ᠢᠶᠠᠨ ᠬᠠᠮᠲᠤ ᠪᠠᠷ ᠮᠠᠨᠳᠤᠭᠤᠯᠵᠤ᠂ ᠠᠭᠤᠤ ᠶᠡᠭᠡ ᠡᠬᠡ | ᠤᠯᠤᠰ ᠢᠶᠠᠨ ᠬᠠᠮᠲᠤ ᠳᠠᠭᠠᠨ ᠬᠠᠶᠢᠷᠠᠯᠠᠬᠤ﹀ ᠣᠶᠢᠯᠠᠭᠠᠭᠳᠠᠬᠤᠨ ᠢ ᠪᠤᠶ ᠪᠣᠯᠭᠠᠨ᠎ᠠ︾ ᠭᠡᠵᠦ ᠤᠯᠠᠭᠠᠨᠬᠦᠦ ᠬᠡᠦᠬᠡᠳ ᠤᠨ ᠴᠡᠴᠡᠷᠯᠢᠭ ᠤᠨ ᠳᠠᠷᠤᠭ᠎ᠠ ᠯᠢ ᠰᠢᠶᠠᠩ ᠯᠢᠩ | ᠲᠠᠨᠢᠯᠴᠠᠭᠤᠯᠪᠠ᠃ | ᠤᠯᠠᠭᠠᠨᠬᠦᠦ ᠬᠡᠦᠬᠡᠳ ᠤᠨ ᠴᠡᠴᠡᠷᠯᠢᠭ ᠤᠨ ᠬᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠵᠢᠭᠠᠨ ᠰᠤᠷᠭᠠᠯᠲᠠ ᠶᠢᠨ ᠡᠯ᠎ᠡ ᠲᠠᠯ᠎ᠠ ᠳᠤ | ᠠᠭᠤᠰᠬᠠᠨ ᠣᠷᠣᠭᠤᠯᠵᠤ᠂ 2018 ᠣᠨ ᠳᠤ ᠪᠢᠴᠢᠬᠠᠨ ᠤᠯᠠᠭᠠᠨᠮᠥ᠋ᠴᠢᠷ ᠤᠨ ᠨᠡᠶᠢᠭᠡᠮᠯᠢᠭ ᠢ ᠪᠠᠶᠢᠭᠤᠯᠤᠭᠰᠠᠨ ᠪᠥᠭᠡᠳ ᠪᠦᠭᠦ ᠴᠡᠴᠡᠷᠯᠢᠭ ᠤᠨ ᠰᠢᠯᠢᠳᠡᠭ ᠡᠬᠢ | ᠪᠠᠶᠠᠯᠢᠭ ᠢ ᠤᠯᠠᠮ ᠨᠢᠭᠡ ᠠᠯᠬᠤᠮ ᠨᠡᠶᠢᠳᠬᠡᠵᠦ᠂ 12 ᠨᠡᠶᠢᠭᠡᠮ ᠤᠨ ᠪᠦᠯᠭᠦᠮ ᠢ ᠪᠠᠶᠢᠭᠤᠯᠤᠨ ᠪᠦᠭᠦ ᠴᠡᠴᠡᠷᠯᠢᠭ ᠤᠨ ᠬᠡᠦᠬᠡᠳ ᠢ ᠬᠥᠲᠥᠯᠥᠨ ᠵᠢᠯᠤᠭᠤᠳᠴᠤ | ᠭᠠᠷᠠᠭ ᠤᠨ ᠲᠠᠪᠤᠨ ᠪᠣᠯᠭᠠᠨ ᠳᠤ ᠡᠯ᠎ᠡ ᠨᠡᠶᠢᠭᠡᠮ ᠤᠨ ᠪᠦᠯᠭᠦᠮ ᠤᠨ ᠠᠵᠢᠯᠯᠠᠭ᠎ᠠ ᠥᠷᠨᠢᠭᠦᠯᠳᠡᠭ᠃ ᠵᠢᠭᠠᠯ ᠪᠠᠭᠠᠴᠤᠤᠯ ᠠᠳᠡ ᠶᠠᠲᠤᠭ᠎ᠠ᠂ ᠮᠣᠷᠢᠨ ᠬᠤᠭᠤᠷ᠂ ᠮᠢᠭᠮᠡᠨ | ᠰᠢᠲᠠᠷ᠎ᠠ᠂ ᠮᠣᠩᠭᠤᠯ ᠰᠢᠲᠠᠷ᠎ᠠ᠂ ᠰᠢᠪᠠᠷ ᠱᠤᠭᠤᠮᠠᠯ᠂ ᠣᠶᠣᠵᠤ ᠪᠤᠳᠤᠬᠤ ᠵᠡᠷᠭᠡ ᠡᠯ᠎ᠡ ᠦᠨᠳᠦᠰᠦᠲᠡᠨ ᠤ ᠰᠣᠶᠣᠯ ᠢ ᠪᠡᠶᠡᠴᠢᠯᠡᠨ ᠰᠤᠷᠤᠯᠴᠠᠵᠤ ᠪᠣᠯᠣᠨ᠎ᠠ᠃ | ᠡᠭᠦᠨ ᠤ ᠬᠠᠮᠲᠤ᠂ ᠤᠯᠠᠭᠠᠨᠬᠦᠦ ᠬᠡᠦᠬᠡᠳ ᠤᠨ ᠴᠡᠴᠡᠷᠯᠢᠭ ᠴᠦ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ᠂ ᠴᠠᠭ ᠤᠯᠠᠷᠢᠯ ᠵᠡᠷᠭᠡ ᠳᠤᠮᠳᠠᠳᠤ ᠶᠢᠨ ᠤᠯᠠᠮᠵᠢᠯᠠᠯᠲᠤ | ᠰᠣᠶᠣᠯ ᠢ ᠵᠢᠭᠠᠨ ᠰᠤᠷᠭᠠᠯᠲᠠ ᠳᠤ ᠠᠭᠤᠰᠬᠠᠨ ᠣᠷᠣᠭᠤᠯᠵᠤ᠂ ᠬᠡᠦᠬᠡᠳ ᠤᠳ ᠤᠨ ᠪᠦᠲᠦᠭᠡᠯᠴᠢ ᠭᠠᠷ ᠤᠷᠠᠯᠠᠯ ᠬᠢᠬᠦ᠂ ᠦᠨᠳᠦᠰᠦᠲᠡᠨ ᠤ ᠠᠮᠲᠠᠲᠤ ᠢᠳᠡᠭᠡᠨ | ᠦᠢᠯᠡᠳᠬᠦ ᠵᠡᠷᠭᠡ ᠶᠢ ᠵᠣᠬᠢᠶᠠᠨ ᠪᠠᠶᠢᠭᠤᠯᠵᠤ᠂ ᠠᠵᠢᠯᠯᠠᠭ᠎ᠠ ᠶᠢᠨ ᠭᠡᠯᠪᠡᠷᠢ ᠶᠢ ᠪᠠᠶᠠᠯᠢᠭᠵᠢᠭᠤᠯᠤᠨ᠂ ᠦᠨᠳᠦᠰᠦᠲᠡᠨ ᠨᠦᠭᠦᠳ ᠤᠨ ᠬᠡᠦᠬᠡᠳ ᠤᠨ ᠰᠤᠷᠤᠯᠴᠠᠯᠭ᠎ᠠ ᠪᠠ | ᠬᠠᠮᠲᠤᠷᠠᠯᠴᠠᠭᠠᠨ ᠤ ᠳᠤᠮᠳᠠ ᠬᠠᠮᠲᠤ ᠪᠠᠷ ᠦᠰᠦᠨ ᠲᠣᠷᠨᠢᠨᠠ᠃ | ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠬᠡᠦᠬᠡᠳ ᠤᠨ ᠡᠳᠦᠷ ᠲᠤᠳᠤᠮ ᠤᠨ ᠰᠤᠷᠤᠯᠭ᠎ᠠ ᠠᠮᠢᠳᠤᠷᠠᠯ ᠳᠤ ᠲᠤᠭᠤᠰᠢᠯᠠᠭᠤᠯᠬᠤ ᠶᠢᠨ | ᠲᠥᠯᠥᠭᠡ᠂ ᠰᠤᠷᠤᠯᠭ᠎ᠠ ᠶᠢᠨ ᠬᠤᠭᠤᠴᠠᠭ᠎ᠠ ᠪᠦᠷᠢ ᠳᠤ ᠪᠢᠳᠡ ᠴᠥᠮ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢᠶᠠᠷ ᠭᠤᠣᠯ ᠰᠡᠳᠦᠪ ᠪᠤᠯᠭᠠᠬᠰᠠᠨ | ᠠᠵᠢᠯᠯᠠᠭ᠎ᠠ ᠶᠢ ᠥᠷᠨᠢᠭᠦᠯᠳᠡᠭ᠃ ︿ᠦᠨᠳᠦᠰᠦᠲᠡᠨ ᠤ ᠪᠦᠯᠬᠦᠮᠳᠡᠯ ᠤᠨ ᠬᠤᠪᠢᠰᠬᠠᠯᠲᠤ ᠤᠯᠠᠮᠵᠢᠯᠠᠯ ᠢ ᠵᠠᠯᠭᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ﹀ ᠭᠤᠣᠯ ᠰᠡᠳᠦᠪᠲᠦ ᠲᠤᠭ ᠮᠠᠨᠳᠤᠭᠤᠯᠬᠤ ᠶᠣᠰᠣᠯᠠᠯ᠂ ︿ᠦᠨᠳᠦᠰᠦᠲᠡᠨ ᠤ ᠪᠦᠯᠬᠦᠮᠳᠡᠯ ᠤᠨ | ᠥᠯᠢᠭᠡᠷ ᠢ ᠰᠠᠶᠢᠲᠤᠷ ᠶᠠᠷᠢᠬᠤ﹀ ᠬᠡᠦᠬᠡᠳ ᠤᠨ ᠥᠯᠢᠭᠡᠷ ᠤᠨ ᠤᠷᠤᠯᠳᠤᠭᠠᠨ᠂ ︿ᠦᠨᠳᠦᠰᠦᠲᠡᠨ ᠤ ᠪᠦᠯᠬᠦᠮᠳᠡᠯ ᠤᠨ ᠬᠤᠨᠳᠠᠭᠠᠲᠤ﹀ ᠬᠥᠯ ᠪᠥᠮᠪᠦᠭᠡ ᠶᠢᠨ | ᠰᠣᠨᠢᠷᠬᠠᠯᠳᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠠᠵᠢᠯᠯᠠᠭ᠎ᠠ ᠶᠢ ᠡᠷᠭᠢᠯᠡᠵᠦ᠂ ᠦᠨᠳᠦᠰᠦᠲᠡᠨ ᠨᠦᠭᠦᠳ ᠤᠨ ᠬᠡᠦᠬᠡᠳ ᠤᠨ ᠬᠠᠮᠲᠤ ᠪᠠᠷ ᠰᠤᠷᠤᠯᠴᠠᠵᠤ | ᠬᠠᠮᠲᠤ ᠪᠠᠷ ᠨᠠᠭᠠᠳᠤᠨ ᠲᠣᠭᠯᠠᠬᠤ ᠶᠢ ᠠᠬᠢᠭᠤᠯᠪᠠ︾ ᠭᠡᠵᠦ ᠯᠢ ᠰᠢᠶᠠᠩ ᠯᠢᠩ ᠬᠡᠯᠡᠪᠡ᠃ | ᠤᠯᠠᠭᠠᠨᠬᠦᠦ ᠬᠡᠦᠬᠡᠳ ᠤᠨ ᠴᠡᠴᠡᠷᠯᠢᠭ ᠨᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠨᠡᠶᠢᠭᠡᠮ ᠤᠨ ᠦᠢᠯᠡᠳᠦᠯᠭᠡ᠂ ᠭᠡᠷ ᠪᠦᠯᠢ ᠶᠢᠨ ᠬᠥᠮᠦᠵᠢᠯ ᠢ | ᠨᠢᠭᠡ ᠴᠣᠭᠴᠠᠵᠢᠭᠤᠯᠤᠭᠰᠠᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠲᠠᠪᠴᠠᠩ ᠢ ᠪᠠᠶᠢᠭᠤᠯᠵᠤ᠂ ᠭᠡᠷ ᠤᠨ ᠠᠬᠠᠮᠠᠳ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠵᠡᠯ ᠰᠠᠨᠠᠭ᠎ᠠ ᠶᠢ ᠭᠡᠷ ᠤᠨ ᠰᠤᠷᠭᠠᠯ᠂ ᠭᠡᠷ ᠤᠨ ᠰᠤᠷᠲᠠᠯ ᠳᠤ ᠠᠭᠤᠰᠬᠠᠨ ᠣᠷᠣᠭᠤᠯᠬᠤ ᠶᠢ ᠬᠥᠲᠥᠯᠥᠨ ᠵᠢᠯᠤᠭᠤᠳᠴᠤ᠂ ᠭᠡᠷ ᠤᠨ | ᠠᠬᠠᠮᠠᠳ ᠤᠨ ᠬᠤᠷᠠᠯ ᠢᠶᠠᠷ ᠳᠠᠮᠵᠢᠭᠤᠯᠤᠨ ᠦᠨᠳᠦᠰᠦᠲᠡᠨ ᠤ ᠪᠦᠯᠬᠦᠮᠳᠡᠯ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠭᠡᠷ ᠤᠨ ᠠᠬᠠᠮᠠᠳ ᠢ | ᠤᠷᠢᠵᠤ ᠠᠵᠢᠯᠯᠠᠭ᠎ᠠ ᠳᠤ ᠬᠠᠮᠲᠤ ᠪᠠᠷ ᠣᠷᠣᠯᠴᠠᠭᠤᠯᠤᠨ᠂ ᠦᠨᠳᠦᠰᠦᠲᠡᠨ ᠨᠦᠭᠦᠳ ᠤᠨ ᠭᠡᠷ ᠤᠨ ᠠᠬᠠᠮᠠᠳ ᠤᠨ ᠨᠥᠭᠦᠷᠰᠡᠭ ᠬᠠᠷᠢᠴᠠᠭᠠᠨ ᠤ ᠬᠥᠭᠵᠢᠯᠲᠡ ᠶᠢ | ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠤᠨ᠎ᠠ᠃ |