8 ᠰᠠᠷ᠎ᠠ ᠶᠢᠨ 8 ᠤ ᠡᠳᠦᠷ᠂ ᠲᠥᠪ ᠤᠨ ᠤᠬᠠᠭᠤᠯᠬᠤ ᠬᠡᠯᠲᠡᠰ ᠠᠴᠠ ᠲᠥᠪ ᠤᠨ ᠨᠢᠭᠡᠳᠦᠮᠡᠯ ᠹᠷᠣᠨᠲ ᠤᠨ ᠬᠡᠯᠲᠡᠰ᠂ ᠤᠯᠤᠰ ᠤᠨ ᠦᠨᠳᠦᠰᠦᠲᠡᠨ ᠤ | ᠬᠡᠷᠡᠭ ᠡᠷᠭᠢᠯᠡᠭᠦ ᠵᠥᠪᠯᠡᠯ ᠲᠠᠢ ᠬᠠᠮᠲᠤᠷᠠᠨ ᠥᠷᠨᠢᠭᠦᠯᠦᠭᠰᠡᠨ ︽ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠳᠤᠮᠳᠠᠳᠤ ᠶᠢᠨ | ᠦᠨᠳᠦᠰᠦᠲᠡᠨ ᠨᠦᠭᠦᠳ ᠨᠢᠭᠡ ᠭᠡᠷ ᠪᠦᠯᠢ ᠮᠡᠲᠦ ᠳᠣᠲᠣᠨᠣ︾ ᠭᠤᠣᠯ ᠰᠡᠳᠦᠪᠲᠦ ᠤᠬᠠᠭᠤᠯᠭ᠎ᠠ ᠨᠢᠩᠰᠢᠶᠠ ᠶᠢᠨ ᠮᠦᠽᠧᠢ ᠳᠤ ᠡᠬᠢᠯᠡᠵᠦ᠂ ᠲᠥᠪ ᠤᠨ ᠪᠠ ᠬᠡᠰᠡᠭ | ᠣᠷᠣᠨ ᠨᠤᠲᠤᠭ ᠤᠨ ᠭᠤᠣᠯ ᠪᠤᠯᠬᠤ ᠰᠣᠨᠢᠨ ᠮᠡᠳᠡᠭᠡᠨ ᠤ ᠵᠠᠭᠤᠴᠢᠯᠠᠭᠤᠷ᠂ ᠬᠡᠰᠡᠭ ᠠᠵᠢᠯ ᠲᠦᠷᠦᠯ ᠤᠨ ᠵᠠᠭᠤᠴᠢᠯᠠᠭᠤᠷ ᠤᠨ ᠨᠠᠶᠢᠷᠠᠭᠤᠯᠤᠭᠴᠢ ᠰᠤᠷᠪᠤᠯᠵᠢᠯᠠᠬᠴᠢ | ᠨᠡᠶᠢᠳᠡ 160 ᠭᠠᠷᠤᠢ ᠬᠥᠮᠥᠨ ᠠᠵᠢᠯᠯᠠᠭ᠎ᠠ ᠳᠤ ᠣᠷᠣᠯᠴᠠᠪᠠ᠃ | ᠰᠤᠷᠪᠤᠯᠵᠢᠯᠠᠬᠤ ᠠᠵᠢᠯᠯᠠᠭ᠎ᠠ ᠶᠢᠨ ᠳᠤᠮᠳᠠ᠂ ᠵᠠᠭᠤᠴᠢᠯᠠᠭᠤᠷ ᠤᠨ ᠰᠤᠷᠪᠤᠯᠵᠢᠯᠠᠬᠴᠢ ᠡᠮᠦᠨᠡᠲᠦ ᠤᠮᠠᠷᠠᠲᠤ ᠬᠤᠶᠠᠷ ᠱᠤᠭᠤᠮ ᠢᠶᠠᠷ ᠨᠢᠩᠰᠢᠶᠠ ᠶᠢᠨ ᠡᠯ᠎ᠡ | ᠬᠤᠲᠠ ᠰᠢᠶᠠᠨ ᠳᠤ ᠬᠦᠷᠴᠦ ᠭᠦᠨᠵᠡᠭᠡᠢ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠵᠦ᠂ ᠰᠣᠷᠪᠤᠯᠵᠢᠯᠠᠭ᠎ᠠ ᠶᠢᠨ ᠠᠶᠠᠨ ᠵᠠᠮ ᠤᠨ ᠮᠡᠳᠡᠭᠡᠯᠡᠯ᠂ ᠶᠡᠷᠦᠩᠬᠡᠶᠢᠯᠡᠭᠰᠡᠨ | ᠮᠡᠳᠡᠭᠡᠯᠡᠯ᠂ ᠲᠤᠰᠬᠠᠢ ᠰᠡᠳᠦᠪᠲᠦ ᠮᠡᠳᠡᠭᠡᠯᠡᠯ ᠪᠠ ᠰᠢᠨ᠎ᠡ ᠵᠠᠭᠤᠴᠢᠯᠠᠭᠤᠷ ᠤᠨ ᠮᠡᠳᠡᠭᠡᠯᠡᠯ ᠬᠢᠵᠦ᠂ ᠨᠢᠩᠰᠢᠶᠠ ᠶᠢᠨ ᠦᠨᠳᠦᠰᠦᠲᠡᠨ ᠤ ᠪᠦᠯᠬᠦᠮᠳᠡᠯ ᠤᠨ ᠭᠢᠯᠠᠰ ᠴᠡᠭ | ᠦᠷ᠎ᠡ ᠪᠦᠲᠦᠮᠵᠢ ᠪᠠ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠦᠷᠰᠦ ᠪᠠᠶᠢᠳᠠᠯ ᠢ ᠠᠮᠢᠳᠤᠯᠢᠭ ᠢᠶᠠᠷ ᠢᠯᠡᠷᠡᠭᠦᠯᠬᠦ ᠪᠣᠯᠣᠨ᠎ᠠ᠃ ᠲᠣᠰ ᠤᠳᠠᠭᠠᠨ ᠤ | ᠲᠥᠪᠯᠡᠷᠡᠩᠭᠦᠢ ᠰᠣᠷᠪᠤᠯᠵᠢᠯᠠᠭ᠎ᠠ 8 ᠰᠠᠷ᠎ᠠ ᠶᠢᠨ 13 ᠤ ᠡᠳᠦᠷ ᠪᠤᠯᠲᠠᠯ᠎ᠠ ᠦᠷᠭᠦᠯᠵᠢᠯᠡᠨ᠎ᠡ᠃ | ᠣᠶᠢᠯᠠᠭᠠᠭᠰᠠᠨ ᠢᠶᠠᠷ᠂ ︽ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠲᠤᠮᠳᠠᠳᠤ ᠶᠢᠨ ᠦᠨᠳᠦᠰᠦᠲᠡᠨ ᠨᠥᠬᠦᠳ ᠨᠢᠭᠡ ᠭᠡᠷ ᠪᠦᠯᠢ ᠮᠡᠲᠦ | ᠳᠣᠲᠣᠨᠣ︾ ᠭᠤᠣᠯ ᠰᠡᠳᠦᠪᠲᠦ ᠤᠬᠠᠭᠤᠯᠭ᠎ᠠ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ | ᠰᠢᠵᠢᠮ ᠪᠤᠯᠭᠠᠵᠤ᠂ ᠡᠨᠡ ᠵᠢᠯ ᠤᠨ 6 ᠰᠠᠷ᠎ᠠ ᠳᠤ ᠥᠪᠥᠷ ᠮᠣᠩᠭᠤᠯ ᠳᠤ ᠵᠢᠩᠬᠢᠨᠢ ᠪᠠᠷ ᠡᠬᠢᠯᠡᠪᠡ᠃ ᠠᠵᠢᠯᠯᠠᠭᠠᠨ ᠳᠤ ᠵᠠᠭᠤᠴᠢᠯᠠᠭᠤᠷ ᠤᠨ ᠰᠤᠷᠪᠤᠯᠵᠢᠯᠠᠬᠴᠢᠳ ᠢ | ᠵᠣᠬᠢᠶᠠᠨ ᠪᠠᠶᠢᠭᠤᠯᠵᠤ᠂ ᠥᠪᠥᠷ ᠮᠣᠩᠭᠤᠯ᠂ ᠭᠤᠸᠠᠩᠰᠢ᠂ ᠲᠥᠪᠡᠳ᠂ ᠨᠢᠩᠰᠢᠶᠠ᠂ ᠰᠢᠨᠵᠢᠶᠠᠩ ᠵᠡᠷᠭᠡ ᠭᠠᠵᠠᠷ ᠢᠶᠠᠷ ᠰᠤᠷᠪᠤᠯᠵᠢᠯᠠᠨ ᠪᠠᠶᠢᠴᠠᠭᠠᠨ ᠰᠤᠳᠤᠯᠤᠯᠲᠠ | ᠬᠢᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠵᠤ ᠪᠠᠶᠢᠭ᠎ᠠ ᠠᠮᠢᠳᠤᠯᠢᠭ ᠦᠢᠯᠡᠳᠦᠯᠭᠡ ᠪᠠ ᠰᠢᠨ᠎ᠡ ᠶᠢ ᠡᠭᠦᠳᠦᠭᠰᠡᠨ ᠲᠤᠷᠰᠢᠯᠭ᠎ᠠ ᠶᠢ ᠪᠦᠭᠦ | ᠲᠠᠯ᠎ᠠ ᠪᠠᠷ᠂ ᠤᠯᠠᠨ ᠬᠠᠷᠠᠭᠠᠰᠤ ᠠᠴᠠ ᠮᠡᠳᠡᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠣᠨᠴᠠᠯᠢᠭᠲᠤ | ᠠᠷᠭ᠎ᠠ ᠬᠡᠮᠵᠢᠶ᠎ᠡ ᠪᠠ ᠨᠡᠶᠢᠲᠡᠯᠢᠭ ᠵᠢᠱᠢᠶ᠎ᠡ ᠶᠢ ᠭᠦᠨᠵᠡᠭᠡᠢ ᠮᠡᠳᠡᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠣᠨᠣᠯ ᠤᠨ ᠯᠣᠭᠢᠭ᠂ ᠲᠡᠦᠬᠡ ᠶᠢᠨ ᠯᠣᠭᠢᠭ ᠪᠠ ᠪᠣᠳᠠᠲᠤ ᠠᠬᠤᠢ ᠶᠢᠨ ᠯᠣᠭᠢᠭ ᠢ ᠲᠠᠶᠢᠯᠪᠤᠷᠢᠯᠠᠵᠤ᠂ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠶᠢ ᠪᠦᠭᠦ ᠲᠠᠯ᠎ᠠ ᠪᠠᠷ ᠢᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ | ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠲᠠᠢ ᠭᠠᠷ ᠬᠤᠯᠪᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ | ᠰᠠᠶᠢᠨ ᠰᠠᠶᠢᠬᠠᠨ ᠬᠦᠰᠡᠯ ᠡᠷᠡᠮᠡᠯᠵᠡᠯ ᠢ ᠶᠡᠭᠡ ᠪᠠᠷ ᠤᠬᠠᠭᠤᠯᠤᠨ᠎ᠠ᠃ |