7 ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠣᠯᠯᠠᠨ ᠡᠷᠭᠢᠯᠡᠭᠰᠡᠨ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠮᠣᠩᠭᠤᠯ ᠬᠡᠯᠡᠨ ᠤ ᠡᠷᠲᠡᠨ ᠤ ᠰᠤᠳᠤᠷ ᠪᠢᠴᠢᠭ ᠤᠨ ᠦᠵᠡᠰᠭᠦᠯᠡᠩ︾ ᠥᠪᠥᠷ | ᠮᠣᠩᠭᠤᠯ ᠤᠨ ᠨᠣᠮ ᠤᠨ ᠰᠠᠩ ᠳᠤ ᠶᠠᠪᠤᠭᠳᠠᠪᠠ᠃ | ᠲᠣᠰ ᠤᠳᠠᠭ᠎ᠠ ᠶᠢᠨ ᠦᠵᠡᠭᠦᠯᠭᠡ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ | ᠪᠤᠯᠭᠠᠵᠤ᠂ ︽ᠦᠨᠳᠦᠰᠦᠲᠡᠨ ᠨᠦᠭᠦᠳ ᠮᠠᠨ ᠤ ᠤᠯᠤᠰ ᠤᠨ ᠥᠷᠭᠡᠨ ᠠᠭᠤᠳᠠᠮ ᠨᠤᠲᠤᠭ ᠳᠡᠪᠢᠰᠬᠡᠷ ᠢ ᠬᠠᠮᠲᠤ ᠪᠠᠷ ᠨᠡᠭᠡᠭᠡᠵᠡᠢ︾᠂ ︽ᠦᠨᠳᠦᠰᠦᠲᠡᠨ ᠨᠦᠭᠦᠳ | ᠮᠠᠨ ᠤ ᠤᠯᠤᠰ ᠤᠨ ᠥᠨᠢ ᠤᠳᠠᠭᠠᠨ ᠲᠡᠦᠬᠡ ᠶᠢ ᠬᠠᠮᠲᠤ ᠪᠠᠷ ᠪᠢᠴᠢᠭᠯᠡᠵᠡᠢ︾᠂ ︽ᠦᠨᠳᠦᠰᠦᠲᠡᠨ ᠨᠦᠭᠦᠳ ᠮᠠᠨ ᠤ ᠤᠯᠤᠰ ᠤᠨ ᠭᠡᠷᠡᠯ ᠰᠠᠴᠤᠷᠠᠩᠭᠤᠢ ᠰᠣᠶᠣᠯ ᠢ | ᠬᠠᠮᠲᠤ ᠪᠠᠷ ᠡᠭᠦᠳᠦᠨ ᠪᠦᠲᠦᠭᠡᠵᠡᠢ︾᠂ ︽ᠦᠨᠳᠦᠰᠦᠲᠡᠨ ᠨᠦᠭᠦᠳ ᠠᠭᠤᠤ ᠶᠡᠭᠡ ᠦᠨᠳᠦᠰᠦᠲᠡᠨ ᠤ ᠵᠣᠷᠢᠭ ᠰᠠᠨᠠᠭ᠎ᠠ ᠶᠢ ᠬᠠᠮᠲᠤ ᠪᠠᠷ ᠪᠤᠶᠢᠵᠢᠭᠤᠯᠵᠠᠢ︾ ᠵᠡᠷᠭᠡ | ᠳᠦᠷᠪᠡᠨ ᠶᠡᠭᠡ ᠬᠡᠰᠡᠭ ᠪᠠᠶᠢᠷᠢᠯᠠᠭᠤᠯᠵᠤ᠂ ᠵᠢᠷᠤᠭ ᠪᠢᠴᠢᠭ ᠤᠨ ᠦᠵᠡᠭᠦᠯᠭᠡ ᠶᠢᠨ ᠰᠠᠮᠪᠠᠷ᠎ᠠ ᠪᠠ ᠪᠣᠳᠠᠲᠤ ᠪᠣᠳᠠᠰ ᠤᠨ ᠦᠵᠡᠭᠦᠯᠭᠡ᠂ ᠳ᠋ᠠᠶᠢᠲ᠋ᠠ ᠦᠵᠡᠭᠦᠯᠭᠡ ᠪᠠ | ᠲᠤᠬᠠᠢ ᠶᠢᠨ ᠲᠠᠯᠠᠪᠠᠢ ᠶᠢᠨ ᠬᠤᠷᠰᠢᠯᠴᠠᠯ ᠢ ᠤᠶᠠᠯᠳᠤᠭᠤᠯᠬᠤ ᠠᠷᠭ᠎ᠠ ᠮᠠᠶ᠋ᠢᠭ ᠢ ᠬᠡᠷᠡᠭᠯᠡᠨ᠂ ︽ᠰᠢᠨ᠎ᠡ ᠪᠠᠷ ᠣᠷᠴᠢᠭᠤᠯᠤᠭᠰᠠᠨ ᠤᠯᠠᠭᠠᠨ ᠠᠰᠠᠷ ᠤᠨ ᠵᠡᠭᠦᠳᠦᠨ︾᠂ | ︽ᠬᠤᠰᠢᠭᠤ ᠵᠢᠶᠦ᠋ᠨ ᠤ ᠨᠣᠶᠠᠨ ᠤ ᠡᠷᠭᠦᠮᠵᠢᠯᠡᠯ︾᠂ ︽ᠭᠡᠰᠡᠷ ᠤᠨ ᠲᠤᠭᠤᠵᠢ︾᠂ ︽ᠠᠨᠠᠭᠠᠬᠤ ᠤᠬᠠᠭᠠᠨ ᠤ ᠳᠥᠷᠪᠡᠨ ᠦᠨᠳᠦᠰᠦ︾ ᠵᠡᠷᠭᠡ ︽ᠤᠯᠤᠰ ᠤᠨ | ᠬᠤᠪᠣᠷ ᠨᠠᠨᠳᠢᠨ ᠡᠷᠲᠡᠨ ᠤ ᠰᠤᠳᠤᠷ ᠪᠢᠴᠢᠭ ᠤᠨ ᠨᠡᠷᠡᠰ ᠤᠨ ᠲᠡᠮᠳᠡᠭᠯᠡᠯ︾ ᠳᠤ ᠰᠣᠩᠭᠤᠭᠳᠠᠭᠰᠠᠨ 74 ᠡᠷᠲᠡᠨ ᠤ ᠰᠤᠳᠤᠷ ᠪᠢᠴᠢᠭ ᠢ ᠳᠡᠯᠭᠡᠨ ᠦᠵᠡᠭᠦᠯᠵᠦ᠂ | ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠵᠢᠷᠤᠭᠯᠠᠯ ᠢ ᠤᠯᠠᠨ ᠬᠡᠮᠵᠢᠯ᠂ ᠣᠯᠠᠨ ᠬᠠᠷᠠᠭᠠᠰᠤ ᠠᠴᠠ ᠢᠯᠡᠷᠡᠭᠦᠯᠪᠡ᠃ | ᠦᠵᠡᠭᠦᠯᠭᠡ ᠶᠢᠨ ᠲᠢᠩᠬᠢᠮ ᠳᠤ ᠪᠠᠰᠠ ︽ᠲᠦᠮᠡᠨ ᠭᠠᠵᠠᠷ ᠤᠨ ᠴᠠᠢ ᠶᠢᠨ ᠵᠠᠮ︾ ᠤᠨ ᠲᠡᠦᠬᠡ ᠰᠣᠶᠣᠯ ᠤᠨ ᠦᠵᠡᠭᠦᠯᠭᠡ ᠶᠢᠨ ᠲᠣᠭᠤᠷᠢᠭ ᠪᠠ ᠡᠷᠲᠡᠨ ᠤ ᠰᠤᠳᠤᠷ | ᠪᠢᠴᠢᠭ ᠢ ᠵᠠᠰᠠᠨ ᠰᠡᠷᠭᠦᠭᠡᠵᠦ ᠪᠡᠶᠡᠴᠢᠯᠡᠨ ᠣᠶᠢᠯᠠᠭᠠᠬᠤ ᠲᠣᠭᠤᠷᠢᠭ ᠵᠡᠷᠭᠡ ᠵᠢᠯᠣᠭᠤᠳᠤᠮᠵᠢ ᠶᠢᠨ ᠭᠡᠯᠪᠡᠷᠢ ᠶᠢᠨ ᠬᠠᠷᠢᠯᠴᠠᠨ ᠦᠢᠯᠡᠳᠦᠯᠴᠡᠬᠦ ᠬᠡᠰᠡᠭ ᠭᠠᠷᠭᠠᠪᠠ᠃ | ᠥᠪᠥᠷ ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠰᠤᠳᠤᠷ ᠪᠢᠴᠢᠭ ᠤᠨ ᠲᠥᠷᠥᠯ ᠵᠦᠢᠯ ᠣᠯᠠᠨ᠂ ᠲᠡᠦᠬᠡ ᠥᠨᠢ ᠤᠳᠠᠭᠠᠨ ᠪᠠᠶᠢᠵᠤ᠂ | ᠳᠤᠮᠳᠠᠳᠤ ᠶᠢᠨ ᠡᠷᠲᠡᠨ ᠤ ᠰᠤᠳᠤᠷ ᠪᠢᠴᠢᠭ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠲᠡᠦᠬᠡᠨ ᠬᠥᠭᠵᠢᠯᠲᠡ ᠶᠢᠨ ᠠᠬᠢᠴᠠ ᠶᠢ ᠦᠨᠡᠨ ᠪᠣᠳᠠᠲᠠᠢ ᠪᠠᠷ ᠲᠡᠮᠳᠡᠭᠯᠡᠵᠦ᠂ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ | ᠴᠣᠭᠴᠠᠵᠢᠭᠰᠠᠨ ᠪᠠᠶᠢᠷᠢᠰᠢᠯ ᠪᠦᠷᠢᠯᠳᠦᠬᠦ ᠶᠠᠪᠤᠴᠠ ᠶᠢᠨ ᠴᠢᠬᠤᠯᠠ ᠭᠡᠷᠡᠴᠢ ᠮᠥᠨ᠃ | ᠣᠷᠴᠢᠮ ᠤᠨ ᠵᠢᠯ ᠳᠤ᠂ ᠥᠪᠥᠷ ᠮᠣᠩᠭᠤᠯ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠰᠤᠳᠤᠷ ᠪᠢᠴᠢᠭ ᠤᠨ ᠡᠬᠢ ᠪᠠᠶᠠᠯᠢᠭ ᠢ ᠪᠦᠲᠦᠭᠡᠯᠴᠢ | ᠴᠢᠨᠠᠷᠲᠠᠢ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠭᠦᠯᠬᠦ ᠶᠢ ᠢᠳᠡᠪᠬᠢᠲᠡᠢ ᠠᠬᠢᠭᠤᠯᠵᠤ᠂ ᠡᠷᠲᠡᠨ ᠤ ᠰᠤᠳᠤᠷ ᠪᠢᠴᠢᠭ ᠢ ᠠᠪᠤᠷᠠᠨ ᠬᠠᠮᠠᠭᠠᠯᠠᠬᠤ᠂ | ᠡᠮᠬᠢᠳᠬᠡᠨ ᠰᠤᠳᠤᠯᠬᠤ ᠪᠠ ᠬᠡᠪᠯᠡᠨ ᠨᠡᠶᠢᠲᠡᠯᠡᠵᠦ ᠠᠰᠢᠭᠯᠠᠬᠤ ᠶᠢ ᠦᠷᠭᠦᠯᠵᠢᠯᠡᠨ ᠴᠢᠩᠭᠠᠳᠬᠠᠭᠰᠠᠨ ᠢᠶᠠᠷ᠂ ᠡᠷᠲᠡᠨ ᠤ ᠰᠤᠳᠤᠷ ᠪᠢᠴᠢᠭ ᠢ ᠬᠠᠮᠠᠭᠠᠯᠠᠨ ᠤᠯᠠᠮᠵᠢᠯᠠᠬᠤ᠂ | ᠨᠡᠭᠡᠭᠡᠨ ᠠᠰᠢᠭᠯᠠᠬᠤ ᠦᠷ᠎ᠡ ᠪᠦᠲᠦᠮᠵᠢ ᠢᠯᠡᠳᠲᠡ ᠪᠣᠯᠵᠤ᠂ ᠪᠦᠭᠦ ᠣᠷᠣᠨ ᠤ 53 ᠨᠢᠭᠡᠴᠢ ᠬᠢᠲᠠᠳ ᠬᠡᠯᠡᠨ ᠤ ᠡᠷᠲᠡᠨ ᠤ ᠰᠤᠳᠤᠷ ᠪᠢᠴᠢᠭ᠂ ᠢᠷᠭᠡᠨ | ᠤᠯᠤᠰ ᠤᠨ ᠦᠳᠡᠮᠡᠯ ᠰᠤᠷᠪᠤᠯᠵᠢ ᠪᠢᠴᠢᠭ ᠵᠢᠴᠢ ᠮᠣᠩᠭᠤᠯ ᠦᠨᠳᠦᠰᠦᠲᠡᠨ᠂ ᠮᠠᠨᠵᠤ ᠦᠨᠳᠦᠰᠦᠲᠡᠨ᠂ ᠲᠥᠪᠡᠳ ᠦᠨᠳᠦᠰᠦᠲᠡᠨ ᠵᠡᠷᠭᠡ ᠦᠨᠳᠦᠰᠦᠲᠡᠨ ᠤ | ᠡᠷᠲᠡᠨ ᠤ ᠰᠤᠳᠤᠷ ᠪᠢᠴᠢᠭ ᠢ ᠪᠠᠷᠤᠭ 50 ᠲᠦᠮᠡᠨ ᠳᠡᠪᠲᠡᠷ ᠢ ᠬᠤᠷᠢᠶᠠᠨ ᠬᠠᠳᠠᠭᠠᠯᠠᠵᠤ᠂ 116 ᠡᠷᠲᠡᠨ ᠤ ᠰᠤᠳᠤᠷ ᠪᠢᠴᠢᠭ ︽ᠤᠯᠤᠰ ᠤᠨ ᠬᠤᠪᠣᠷ ᠨᠠᠨᠳᠢᠨ | ᠡᠷᠲᠡᠨ ᠤ ᠰᠤᠳᠤᠷ ᠪᠢᠴᠢᠭ ᠤᠨ ᠨᠡᠷᠡᠰ ᠤᠨ ᠵᠢᠭᠰᠠᠭᠠᠯᠲᠠ︾ ᠳᠤ ᠰᠣᠩᠭᠤᠭᠳᠠᠨ ᠣᠷᠣᠵᠤ᠂ ᠥᠪᠥᠷ ᠮᠣᠩᠭᠤᠯ ᠤᠨ ᠨᠣᠮ ᠤᠨ ᠰᠠᠩ ᠵᠡᠷᠭᠡ 4 ᠬᠤᠷᠢᠶᠠᠨ | ᠬᠠᠳᠠᠭᠠᠯᠠᠬᠤ ᠨᠢᠭᠡᠴᠢ ︽ᠪᠦᠭᠦ ᠤᠯᠤᠰ ᠤᠨ ᠭᠤᠣᠯᠳᠠᠯᠭ᠎ᠠ ᠲᠠᠢ ᠡᠷᠲᠡᠨ ᠤ ᠰᠤᠳᠤᠷ ᠪᠢᠴᠢᠭ ᠤᠨ ᠬᠠᠮᠠᠭᠠᠯᠠᠯᠲᠠ ᠶᠢᠨ ᠨᠢᠭᠡᠴᠢ︾ ᠪᠠᠷ ᠰᠣᠩᠭᠤᠭᠳᠠᠵᠤ᠂ ᠡᠷᠲᠡᠨ ᠤ | ᠰᠤᠳᠤᠷ ᠪᠢᠴᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠲᠡᠦᠬᠡᠨ ᠮᠠᠲ᠋ᠧᠷᠢᠶᠠᠯ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠳᠤᠮᠳᠠᠬᠢ ᠪᠠᠶᠢᠷᠢ ᠰᠠᠭᠤᠷᠢ ᠨᠡᠩ ᠢᠯᠡᠷᠬᠡᠢ ᠪᠣᠯᠵᠤ᠂ | ᠦᠢᠯᠡᠳᠦᠯ ᠨᠢ ᠨᠠᠩ ᠲᠣᠪᠤᠶᠢᠮ᠎ᠠ ᠪᠣᠯᠪᠠ᠃ |