ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠶᠢ ᠭᠦᠨᠵᠡᠭᠡᠶᠢᠷᠡᠭᠦᠯᠬᠦ ᠦᠨᠳᠦᠰᠦᠨ ᠱᠠᠲᠤᠨ ᠤ ᠠᠶᠠᠯᠠᠯ ᠤᠨ ᠠᠵᠢᠯᠯᠠᠭ᠎ᠠ ᠯᠢᠶᠠᠨ ᠬᠤᠸᠠ ᠨᠡᠶᠢᠭᠡᠮ ᠲᠣᠭᠤᠷᠢᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2024/10/25
       ᠨᠠᠮᠤᠭᠤᠬᠠᠨ ᠰᠠᠶᠢᠬᠠᠨ ᠵᠤᠨ ᠤ ᠣᠷᠣᠢ᠂ ᠭᠡᠷ ᠤᠨ ᠡᠭᠦᠳᠡᠨ ᠳᠡᠭᠡᠨ ᠭᠤᠴᠣ ᠰᠠᠶᠢᠬᠠᠨ ᠤᠷᠠᠨ ᠰᠠᠶᠢᠬᠠᠨ ᠤ ᠲᠤᠬᠯᠠᠯᠳᠠ ᠰᠣᠨᠢᠷᠬᠠᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠣᠶᠢᠯᠠᠭᠠᠨ᠂ ᠰᠡᠳᠦᠪ ᠬᠠᠷᠢᠭᠤᠯᠤᠨ ︽ᠲᠠᠯ᠎ᠠ ᠨᠤᠲᠤᠭ ᠤᠨ ᠡᠭᠦᠯᠡ︾ ᠶᠢᠨ ᠰᠣᠶᠣᠯ ᠤᠨ ᠡᠭᠦᠳᠦᠨ ᠪᠦᠲᠦᠭᠡᠯᠲᠡ ᠶᠢᠨ ᠦᠢᠯᠡᠳᠬᠦᠨ ᠢ ᠣᠯᠣᠨ᠎ᠠ ᠁       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠤᠨᠲ ᠤᠨ ᠬᠡᠯᠲᠡᠰ ᠠᠴᠠ ᠵᠢᠯᠣᠭᠤᠳᠤᠭᠰᠠᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠪᠣᠯᠣᠨ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠠᠴᠠ ᠬᠠᠮᠲᠤᠷᠠᠨ ᠭᠤᠣᠯᠯᠠᠨ ᠡᠷᠭᠢᠯᠡᠭᠰᠡᠨ ︽ᠡᠶ᠎ᠡ ᠨᠠᠶᠢᠷᠠᠮᠳᠠᠭᠤ ᠤᠮᠠᠷᠠᠲᠤ ᠬᠢᠯᠢ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠎ᠠ︾ - ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠶᠢ ᠭᠦᠨᠵᠡᠭᠡᠶᠢᠷᠡᠭᠦᠯᠬᠦ ᠦᠨᠳᠦᠰᠦᠨ ᠱᠠᠲᠤᠨ ᠤ ᠠᠶᠠᠯᠠᠯ ᠤᠨ ᠠᠵᠢᠯᠯᠠᠭ᠎ᠠ ᠣᠶᠢᠷ᠎ᠠ ᠳᠤ ᠭᠦᠭᠡᠬᠤᠳᠠ ᠶᠢᠨ ᠰᠠᠶᠢᠬᠠᠨ ᠲᠣᠭᠤᠷᠢᠭ ᠤᠨ ᠵᠤᠤ ᠤᠳᠠ ᠡᠮᠦᠨ᠎ᠡ ᠵᠠᠮ ᠤᠨ ᠵᠡᠭᠡᠯᠢ ᠭᠤᠳᠤᠮᠵᠢ ᠶᠢᠨ ᠯᠢᠶᠠᠨ ᠬᠤᠸᠠ ᠨᠡᠶᠢᠭᠡᠮ ᠲᠣᠭᠤᠷᠢᠭ ᠲᠤ ᠶᠠᠪᠤᠭᠳᠠᠪᠠ᠃       ᠲᠤᠰ ᠤᠳᠠᠭ᠎ᠠ ᠶᠢᠨ ᠠᠵᠢᠯᠯᠠᠭ᠎ᠠ ᠨᠢ ︽ᠰᠦᠯᠵᠢᠶᠡᠨ ᠳᠡᠭᠡᠷᠡᠬᠢ + ᠪᠣᠳᠠᠲᠤ ᠴᠣᠭᠴᠠ︾ ᠶᠢ ᠤᠶᠠᠯᠳᠤᠭᠤᠯᠤᠭᠰᠠᠨ ᠤᠯᠠᠨ ᠡᠰᠢᠴᠢᠯᠡᠭᠰᠡᠨ ᠠᠷᠭ᠎ᠠ ᠭᠡᠯᠪᠡᠷᠢ ᠶᠢ ᠠᠪᠴᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠮᠵᠢ ᠶᠢ ᠭᠦᠨᠵᠡᠭᠡᠢ ᠤᠬᠠᠭᠤᠯᠤᠨ ᠲᠤᠭᠤᠰᠢᠯᠠᠭᠤᠯᠵᠤ᠂ ᠡᠯ᠎ᠡ ᠦᠨᠳᠦᠰᠦᠲᠡᠨ ᠤ ᠤᠯᠠᠨ ᠲᠦᠮᠡᠨ ᠢ ᠬᠥᠲᠥᠯᠥᠨ ᠳᠠᠭᠠᠭᠤᠯᠵᠤ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠭᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠱᠤᠭᠤᠵᠤ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠵᠣᠷᠢᠪᠠ᠃       ︽ᠡᠶᠢᠮᠦᠷᠬᠦᠦ ᠠᠵᠢᠯᠯᠠᠭ᠎ᠠ ᠨᠢ ᠰᠢᠨ᠎ᠡ ᠰᠡᠪᠡᠭᠦᠨ᠂ ᠤᠯᠠᠨ ᠲᠦᠮᠡᠨ ᠲᠠᠢ ᠣᠶᠢᠷᠠᠲᠤᠵᠤ᠂ ᠮᠠᠨᠤᠰ ᠲᠤ ᠮᠡᠳᠡᠯᠭᠡ ᠰᠤᠷᠤᠯᠴᠠᠭᠤᠯᠬᠤ ᠪᠥᠭᠡᠳ ᠪᠠᠰᠠ ᠮᠠᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠡᠩ ᠴᠦ ᠮᠠᠨ ᠤ ᠡᠯ᠎ᠡ ᠦᠨᠳᠦᠰᠦᠲᠡᠨ ᠤ ᠰᠠᠭᠤᠭᠠᠯᠢ ᠠᠷᠠᠳ ᠢ ᠨᠢᠭᠡ ᠯᠡ ᠲᠠᠩᠬᠢᠮ ᠳᠤ ᠬᠤᠷᠠᠨ ᠴᠤᠭᠯᠠᠷᠠᠭᠤᠯᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ ᠪᠣᠯᠭᠠᠵᠠᠢ︾ ᠭᠡᠵᠦ ᠯᠢᠶᠠᠨ ᠬᠤᠸᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠭᠤᠤ ᠮᠧᠩ ᠬᠤᠸᠠ ᠬᠡᠯᠡᠨ᠎ᠡ᠃       ᠣᠶᠢᠯᠠᠭᠠᠭᠰᠠᠨ ᠢᠶᠠᠷ᠂ ︽ᠨᠠᠶᠢᠷᠠᠮᠳᠠᠭᠤ ᠰᠠᠶᠢᠬᠠᠨ ᠤᠮᠠᠷᠠᠲᠤ ᠬᠢᠯᠢ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠎ᠠ︾ - ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠶᠢ ᠭᠦᠨᠵᠡᠭᠡᠶᠢᠷᠡᠭᠦᠯᠬᠦ ᠦᠨᠳᠦᠰᠦᠨ ᠱᠠᠲᠤᠨ ᠤ ᠠᠶᠠᠯᠠᠯ ᠤᠨ ᠠᠵᠢᠯᠯᠠᠭ᠎ᠠ ᠣᠶᠢᠷ᠎ᠠ ᠳᠤ ᠵᠢᠩᠬᠢᠨᠢ ᠪᠠᠷ ᠡᠬᠢᠯᠡᠵᠦ᠂ ᠨᠢᠭᠡᠨᠲᠡ ᠵᠠᠯᠭᠠᠭ᠎ᠠ ᠪᠠᠷ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠮᠳᠠᠳᠤ ᠰᠤᠷᠭᠠᠭᠤᠯᠢ ᠵᠡᠷᠭᠡ ᠭᠠᠵᠠᠷ ᠲᠤ ᠬᠦᠷᠴᠦ᠂ ᠵᠠᠯᠭᠠᠭᠠᠳ ᠪᠠᠰᠠ ᠭᠦᠭᠡᠬᠤᠳᠠ ᠶᠢᠨ ᠬᠤᠲᠣᠩ ᠠᠷᠠᠳ ᠤᠨ ᠲᠣᠭᠤᠷᠢᠭ ᠤᠨ ᠲᠦᠩ ᠳ᠋ᠣᠣ ᠵᠡᠭᠡᠯᠢ  ᠶᠢᠨ ᠰᠠᠨ ᠱᠦᠨ ᠳ᠋ᠢᠶᠠᠨ ᠨᠡᠶᠢᠭᠡᠮ ᠲᠣᠭᠤᠷᠢᠭ᠂ ᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ᠂ ᠪᠤᠭᠤᠲᠤ ᠬᠤᠳᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠵᠡᠷᠭᠡ ᠭᠠᠵᠠᠷ ᠲᠤ ᠶᠠᠪᠤᠭᠳᠠᠵᠤ᠂ ᠡᠯᠪᠡᠭ ᠪᠠᠶᠠᠯᠢᠭ ᠤᠯᠠᠨ ᠶᠠᠩᠵᠤ ᠶᠢᠨ ᠠᠵᠢᠯᠯᠠᠭ᠎ᠠ ᠥᠷᠨᠢᠭᠦᠯᠬᠦ  ᠪᠠᠷ ᠳᠠᠮᠵᠢᠭᠤᠯᠤᠨ᠂ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠨᠢᠳᠦᠨ ᠳᠤ ᠦᠵᠡᠭᠳᠡᠮ᠎ᠡ ᠰᠡᠳᠬᠢᠯ ᠳᠤ ᠰᠠᠭᠤᠭᠳᠠᠮ᠎ᠠ ᠭᠠᠷ ᠲᠤ ᠪᠠᠷᠢᠭᠳᠠᠮ᠎ᠠ ᠠᠬᠢᠭᠤᠯᠤᠨ᠂ ᠡᠯ᠎ᠡ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠲᠠᠰᠤᠷᠠᠯ ᠦᠭᠡᠢ ᠠᠬᠢᠭᠤᠯᠪᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ