ᠲᠦᠷᠦᠭᠦᠬᠡᠨ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠮᠠᠷᠠᠲᠤ ᠣᠷᠣᠨ ᠤ ᠣᠯᠠᠨ ᠬᠡᠯᠡᠨ ᠤ ᠰᠤᠷᠪᠤᠯᠵᠢ ᠪᠢᠴᠢᠭ | ᠰᠤᠳᠤᠯᠬᠤ ᠭᠠᠵᠠᠷ ᠠᠴᠠ ᠭᠤᠣᠯᠯᠠᠨ ᠡᠷᠭᠢᠯᠡᠭᠰᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠠᠷᠠᠭᠠᠨ ᠳᠠᠬᠢ ᠤᠮᠠᠷᠠᠲᠤ | ᠣᠷᠣᠨ ᠤ ᠣᠯᠠᠨ ᠬᠡᠯᠡᠨ ᠤ ᠰᠤᠷᠪᠤᠯᠵᠢ ᠪᠢᠴᠢᠭ ᠰᠤᠳᠤᠯᠤᠯ ᠤᠨ ᠡᠷᠳᠡᠮ ᠰᠢᠨᠵᠢᠯᠡᠭᠡᠨ ᠤ ᠬᠤᠷᠠᠯ︾ ᠭᠦᠭᠡᠬᠤᠲᠠ ᠳᠤ ᠬᠤᠷᠠᠯᠳᠤᠵᠤ᠂ ᠬᠤᠷᠠᠯ ᠨᠢ ᠤᠮᠠᠷᠠᠲᠤ | ᠣᠷᠣᠨ ᠤ ᠣᠯᠠᠨ ᠬᠡᠯᠡᠨ ᠤ ᠰᠤᠷᠪᠤᠯᠵᠢ ᠪᠢᠴᠢᠭ ᠤᠨ ᠰᠤᠳᠤᠯᠭᠠᠨ ᠢᠶᠠᠷ ᠲᠤᠮᠳᠠᠳᠦ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠴᠣᠭᠴᠠᠯᠠᠬᠤ ᠳᠤ ᠴᠢᠬᠤᠯᠠ ᠦᠢᠯᠡᠳᠦᠯ ᠦᠵᠡᠭᠦᠯᠭᠦ ᠶᠢ ᠵᠣᠷᠢᠵᠠᠢ᠃ | ᠬᠤᠷᠠᠯ ᠳᠤ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ᠂ | ᠪᠡᠭᠡᠵᠢᠩ ᠶᠡᠭᠡ ᠰᠤᠷᠭᠠᠭᠤᠯᠢ᠂ ᠨᠠᠨᠵᠢᠩ ᠶᠡᠭᠡ ᠰᠤᠷᠭᠠᠭᠤᠯᠢ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ᠂ ᠪᠡᠭᠡᠵᠢᠩ ᠤᠨ ᠬᠠᠭᠠᠨ ᠤ ᠣᠷᠳᠣᠨ ᠤ ᠮᠦᠽᠧᠢ᠂ | ᠳᠤᠮᠳᠠᠳᠤ ᠤᠯᠤᠰ ᠤᠨ ᠲᠥᠪᠡᠳ ᠰᠤᠳᠤᠯᠤᠯ ᠤᠨ ᠲᠥᠪ᠂ ᠳᠤᠮᠳᠠᠳᠤ ᠤᠯᠤᠰ ᠤᠨ ᠨᠢᠭᠡᠳᠦᠭᠡᠷ ᠲᠡᠦᠬᠡ ᠶᠢᠨ ᠳᠠᠩᠰᠠ ᠡᠪᠬᠡᠮᠡᠯ ᠤᠨ ᠣᠷᠳᠣᠨ᠂ ᠥᠪᠥᠷ | ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ 40 ᠭᠠᠷᠤᠢ ᠶᠡᠭᠡ ᠳᠡᠭᠡᠳᠦ ᠰᠤᠷᠭᠠᠭᠤᠯᠢ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ | ᠨᠢᠭᠡᠴᠢ ᠶᠢᠨ 100 ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠨ ᠬᠤᠷᠠᠯ ᠳᠤ ᠣᠷᠣᠯᠴᠠᠵᠤ ᠢᠯᠡᠳᠬᠡᠯ ᠬᠢᠵᠡᠢ᠃ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠳᠠᠷᠤᠭ᠎ᠠ ᠪᠦᠦ ᠶᠢᠨ ᠱᠠᠨ ᠲᠠᠨᠢᠯᠴᠠᠭᠤᠯᠬᠤ ᠳᠠᠭᠠᠨ᠂ ᠤᠮᠠᠷᠠᠲᠤ ᠶᠢᠨ ᠣᠯᠠᠨ ᠵᠦᠢᠯ ᠤᠨ ᠬᠡᠯᠡᠨ ᠤ ᠰᠤᠷᠪᠤᠯᠵᠢ ᠪᠢᠴᠢᠭ ᠤᠨ | ᠮᠠᠲ᠋ᠧᠷᠢᠶᠠᠯ ᠢ ᠠᠭᠤᠳᠠᠯᠤᠨ ᠡᠮᠬᠢᠳᠬᠡᠬᠦ ᠪᠠ ᠰᠤᠳᠤᠯᠬᠤ ᠪᠣᠯ ᠮᠠᠨ ᠤ ᠣᠷᠣᠨ ᠴᠢᠨᠠᠭᠰᠢᠯᠠᠪᠠᠯ ᠪᠦᠭᠦ ᠤᠯᠤᠰ ᠤᠨ ᠣᠨᠴᠠᠯᠢᠭ ᠪᠠ ᠭᠢᠯᠠᠰ ᠴᠡᠭ ᠪᠣᠯᠣᠨ᠎ᠠ᠃ ᠮᠠᠨ ᠤ | ᠣᠷᠣᠨ ᠳᠤ ᠬᠢᠲᠠᠳ᠂ ᠮᠣᠩᠭᠤᠯ᠂ ᠮᠠᠨᠵᠤ᠂ ᠲᠥᠪᠡᠳ᠂ ᠤᠶᠢᠭᠤᠷ᠂ ᠬᠢᠳᠠᠨ᠂ ᠲᠦᠷᠺ᠂ ᠲᠠᠩᠭᠤᠳ᠂ ᠵᠦᠷᠴᠢᠨ ᠵᠡᠷᠭᠡ ᠣᠯᠠᠨ ᠵᠦᠢᠯ ᠤᠨ ᠬᠡᠯᠡᠨ ᠤ ᠰᠤᠷᠪᠤᠯᠵᠢ | ᠪᠢᠴᠢᠭ ᠤᠨ ᠮᠠᠲ᠋ᠧᠷᠢᠶᠠᠯ ᠬᠠᠳᠠᠭᠠᠯᠠᠭᠳᠠᠵᠤ ᠪᠤᠢ᠃ ᠡᠲᠡᠭᠡᠷ ᠰᠤᠷᠪᠤᠯᠵᠢ ᠪᠢᠴᠢᠭ ᠤᠨ ᠮᠠᠲ᠋ᠧᠷᠢᠶᠠᠯ ᠪᠣᠯ ᠤᠮᠠᠷᠠᠲᠤ ᠣᠷᠣᠨ ᠤ ᠣᠯᠠᠨ ᠵᠦᠢᠯ ᠤᠨ ᠬᠡᠯᠡᠨ ᠤ | ᠲᠡᠦᠬᠡ ᠶᠢᠨ ᠰᠤᠷᠪᠤᠯᠵᠢ ᠪᠢᠴᠢᠭ ᠢ ᠰᠤᠳᠤᠯᠬᠤ ᠡᠷᠬᠢᠮ ᠨᠠᠨᠳᠢᠨ ᠡᠬᠢ ᠪᠠᠶᠠᠯᠢᠭ ᠮᠥᠨ᠂ ᠪᠠᠰᠠ ᠴᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠤᠯᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠢᠬᠤᠯᠠ ᠠᠴᠢᠶᠠᠯᠠᠪᠤᠷᠢ ᠪᠠ | ᠲᠡᠦᠬᠡ ᠶᠢᠨ ᠮᠠᠲ᠋ᠧᠷᠢᠶᠠᠯ ᠮᠥᠨ ᠭᠡᠵᠡᠢ᠃ | ᠡᠭᠢᠯᠡᠯᠲᠡ ᠶᠢᠨ ᠶᠣᠰᠣᠯᠠᠯ ᠳᠤ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠫᠷᠤᠹᠧᠰᠰᠤᠷ ᠡᠷᠳᠡᠮᠳᠦ ︽︿ᠮᠣᠩᠭᠤᠯ ᠤᠨ ᠨᠢᠭᠤᠴᠠ | ᠲᠣᠪᠴᠢᠶᠠᠨ﹀ ᠤ ᠬᠢᠲᠠᠳ ᠣᠷᠴᠢᠭᠤᠯᠭ᠎ᠠ ᠵᠢᠴᠢ ᠪᠠᠷ ᠬᠡᠪᠯᠡᠯ ᠤᠨ ᠤᠯᠠᠮᠵᠢᠯᠠᠭᠳᠠᠭᠰᠠᠨ ᠰᠡᠩᠬᠡᠷᠡᠭᠦᠯᠦᠯ᠄ ᠲᠤᠮᠳᠠᠳᠦ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠬᠠᠷᠠᠭᠠᠰᠤ ᠳᠠᠬᠢ ᠤᠮᠠᠷᠠᠲᠤ ᠶᠢᠨ ᠤᠯᠠᠨ ᠬᠡᠯᠡᠨ ᠤ ᠰᠤᠷᠪᠤᠯᠵᠢ ᠪᠢᠴᠢᠭ ᠤᠨ ᠮᠠᠲ᠋ᠧᠷᠢᠶᠠᠯ ᠢ ᠴᠣᠭᠴᠠᠯᠠᠬᠤ ᠴᠢᠬᠤᠯᠠ ᠴᠢᠨᠠᠷ︾ ᠭᠡᠬᠦ | ᠰᠡᠳᠦᠪ ᠢᠶᠠᠷ ᠢᠯᠡᠳᠬᠡᠯ ᠬᠢᠵᠦ᠂ ︽ᠮᠣᠩᠭᠤᠯ ᠤᠨ ᠨᠢᠭᠤᠴᠠ ᠲᠣᠪᠴᠢᠶᠠᠨ︾ ᠤ ᠬᠢᠲᠠᠳ ᠣᠷᠴᠢᠭᠤᠯᠭ᠎ᠠ ᠵᠢᠴᠢ ᠪᠠᠷ ᠬᠡᠪᠯᠡᠯ ᠤᠨ ᠤᠯᠠᠮᠵᠢᠯᠠᠯ ᠢᠶᠠᠷ ᠵᠢᠱᠢᠶ᠎ᠡ ᠪᠣᠯᠭᠠᠨ᠂ | ᠤᠮᠠᠷᠠᠲᠤ ᠶᠢᠨ ᠤᠯᠠᠨ ᠦᠨᠳᠦᠰᠦᠲᠡᠨ ᠤ ᠲᠡᠦᠬᠡ ᠰᠣᠶᠣᠯ ᠤᠨ ᠲᠡᠦᠬᠡᠨ ᠮᠠᠲ᠋ᠧᠷᠢᠶᠠᠯ ᠢ ᠠᠭᠤᠳᠠᠯᠬᠤ᠂ ᠡᠮᠬᠢᠳᠬᠡᠬᠦ ᠵᠢᠴᠢ ᠴᠠᠭ ᠦᠶ᠎ᠡ ᠶᠢᠨ ᠦᠷᠳᠡᠭ ᠵᠡᠷᠭᠡ | ᠰᠡᠳᠦᠪ ᠤᠨ ᠲᠤᠬᠠᠢ ᠲᠣᠳᠣᠷᠬᠠᠶᠢᠯᠠᠨ ᠥᠭᠦᠯᠡᠵᠡᠢ᠃ ᠲᠡᠷᠡ ᠶᠠᠷᠢᠬᠤ ᠳᠠᠭᠠᠨ᠄ ︽ᠶᠡᠭᠡ ᠡᠷᠲᠡᠨ ᠠᠴᠠ ᠪᠠᠨ ᠤᠮᠠᠷᠠᠲᠤ ᠬᠢᠯᠢ ᠶᠢᠨ ᠰᠣᠶᠣᠯ ᠳᠤ ᠬᠤᠯᠪᠤᠭ᠎ᠠ ᠲᠠᠢ | ᠤᠯᠠᠨ ᠬᠡᠯᠡᠨ ᠤ ᠰᠤᠷᠪᠤᠯᠵᠢ ᠪᠢᠴᠢᠭ ᠡᠯᠪᠡᠭ ᠪᠠᠶᠢᠭᠰᠠᠨ᠂ ᠭᠡᠪᠡᠴᠦ ᠰᠤᠷᠪᠤᠯᠵᠢ ᠪᠢᠴᠢᠭ ᠤᠨ ᠲᠠᠷᠬᠠᠯᠲᠠ ᠨᠢ ᠭᠠᠭᠴᠠ ᠥᠪᠥᠷ ᠮᠣᠩᠭᠤᠯ ᠲᠡᠳᠦᠢ ᠦᠭᠡᠢ᠂ ᠪᠦᠭᠦ | ᠤᠯᠤᠰ ᠴᠢᠨᠠᠭᠰᠢᠯᠠᠨ ᠳᠡᠯᠡᠬᠡᠢ ᠶᠢᠨ ᠤᠯᠠᠨ ᠤᠯᠤᠰ ᠤᠨ ᠬᠡᠪᠴᠢᠶᠡᠨ ᠳᠤ ᠲᠠᠷᠬᠠᠵᠠᠢ᠃ ᠰᠤᠷᠪᠤᠯᠵᠢ ᠪᠢᠴᠢᠭ ᠤᠨ ᠰᠤᠳᠤᠯᠤᠯ ᠳᠤ ᠰᠤᠷᠪᠤᠯᠵᠢ ᠪᠢᠴᠢᠭ ᠤᠨ | ᠮᠠᠲ᠋ᠧᠷᠢᠶᠠᠯ ᠤᠨ ᠰᠢᠰᠲ᠋ᠧᠮ ᠢ ᠪᠠᠶᠢᠭᠤᠯᠵᠤ᠂ ᠤᠨᠤᠯ ᠤᠨ ᠰᠤᠳᠤᠯᠭᠠᠨ ᠳᠠᠭᠠᠨ ᠰᠠᠭᠤᠷᠢ ᠲᠠᠯᠪᠢᠳᠠᠭ᠃ ᠰᠤᠷᠪᠤᠯᠵᠢ ᠪᠢᠴᠢᠭ ᠤᠨ ᠮᠠᠲ᠋ᠧᠷᠢᠶᠠᠯ ᠤᠨ ᠰᠢᠰᠲ᠋ᠧᠮ ᠢ | ᠪᠠᠶᠢᠭᠤᠯᠬᠤ ᠠᠵᠢᠯ ᠣᠬᠤᠷᠬᠠᠨ ᠬᠤᠭᠤᠴᠠᠭᠠᠨ ᠳᠤ ᠳᠠᠭᠤᠰᠬᠤ ᠵᠦᠢᠯ ᠪᠢᠰᠢ᠂ ᠲᠡᠶᠢᠮᠦ ᠠᠴᠠ ᠲᠤᠰ ᠬᠤᠷᠠᠯᠳᠤᠭᠠᠨ ᠨᠢ ᠮᠠᠰᠢ ᠴᠢᠬᠤᠯᠠ ᠠᠬᠤᠶᠢᠴᠢ ᠠᠴᠢ | ᠬᠤᠯᠪᠣᠭᠳᠠᠯ ᠲᠠᠢ ᠬᠤᠷᠠᠯ ᠪᠣᠯᠣᠨ᠎ᠠ︾ ᠭᠡᠵᠡᠢ᠃ | ᠲᠣᠰ ᠰᠤᠳᠤᠯᠤᠨ ᠶᠠᠷᠢᠯᠴᠠᠬᠤ ᠬᠤᠷᠠᠯ ᠭᠤᠣᠯᠳᠠᠭᠤ ︽ᠣᠯᠠᠨ ᠬᠡᠯᠡᠨ ᠤ ᠬᠠᠭᠤᠴᠢ ᠰᠤᠳᠤᠷ᠂ ᠲᠠᠩᠰᠠ ᠡᠪᠬᠡᠮᠡᠯ᠂ ᠲᠡᠮᠦᠷᠯᠢᠭ ᠪᠣᠯᠣᠨ ᠴᠢᠯᠠᠭᠤᠨ ᠫᠠᠶᠢᠰᠠ | ᠬᠥᠰᠢᠶ᠎ᠡ ᠶᠢᠨ ᠰᠤᠷᠪᠤᠯᠵᠢ ᠪᠢᠴᠢᠭ ᠢ ᠴᠤᠭᠯᠠᠭᠤᠯᠤᠨ ᠡᠮᠬᠢᠳᠬᠡᠬᠦ ᠪᠠ ᠴᠠᠭ ᠦᠶ᠎ᠡ ᠶᠢᠨ ᠥᠷᠲᠡᠭ ᠤᠨ ᠲᠤᠬᠠᠢ ᠬᠠᠶᠢᠨ ᠰᠢᠨᠵᠢᠯᠡᠯᠲᠡ︾᠂ ︽ᠣᠯᠠᠨ ᠵᠦᠢᠯ ᠤᠨ | ᠬᠡᠯᠡᠨ ᠤ ᠰᠤᠷᠪᠤᠯᠵᠢ ᠪᠢᠴᠢᠭ ᠢ ᠤᠮᠠᠷᠠᠲᠤ ᠬᠢᠯᠢ ᠶᠢᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠰᠤᠳᠤᠯᠭᠠᠨ︾᠂ ︽ | ᠬᠢᠲᠠᠳ ᠮᠣᠩᠭᠤᠯ ᠲᠥᠪᠡᠳ ᠰᠠᠨᠰᠺᠷᠢᠲ ᠮᠠᠨᠵᠤ ᠬᠡᠯᠡᠨ ᠤ ᠪᠤᠷᠬᠠᠨ ᠱᠠᠰᠢᠨ ᠤ ᠰᠤᠷᠪᠤᠯᠵᠢ ᠪᠢᠴᠢᠭ ᠢ ᠤᠯᠠᠮᠵᠢᠯᠠᠨ ᠵᠠᠯᠭᠠᠮᠵᠢᠯᠠᠬᠤ ᠬᠠᠷᠢᠴᠠᠭᠠᠨ ᠤ ᠰᠤᠳᠤᠯᠭᠠᠨ︾᠂ | ︽ᠤᠮᠠᠷᠠᠲᠤ ᠬᠢᠯᠢ ᠶᠢᠨ ᠦᠨᠳᠦᠰᠦᠲᠡᠨ ᠤ ᠦᠭᠡ ᠭᠡᠯᠡ ᠰᠣᠶᠣᠯ ᠤᠨ ᠠᠭᠤᠰᠤᠯᠴᠠᠯ ᠤᠨ ᠰᠤᠳᠤᠯᠭᠠᠨ︾᠂ ︽ᠮᠣᠩᠭᠤᠯ ᠲᠥᠪᠡᠳ ᠠᠨᠠᠭᠠᠬᠤ ᠤᠬᠠᠭᠠᠨ ᠤ | ᠰᠤᠷᠪᠤᠯᠵᠢ ᠪᠢᠴᠢᠭ︾᠂ ︽ᠰᠣᠶᠣᠯ ᠤᠨ ᠠᠭᠤᠰᠤᠯᠴᠠᠯ ᠪᠠ ᠤᠮᠠᠷᠠᠲᠤ ᠬᠢᠯᠢ ᠶᠢᠨ ᠦᠨᠳᠦᠰᠦᠲᠡᠨ ᠱᠠᠰᠢᠨ ᠰᠤᠷᠲᠠᠬᠤᠨ ᠤᠷᠠᠯᠢᠭ︾ ᠵᠡᠷᠭᠡ ᠰᠡᠳᠦᠪ ᠤᠨ | ᠲᠣᠭᠤᠷᠢᠨ ᠳᠤ 3 ᠬᠤᠪᠢᠶᠠᠷᠢ ᠲᠠᠯᠠᠪᠠᠶ ᠬᠤᠪᠢᠶᠠᠨ ᠰᠤᠳᠤᠯᠤᠨ ᠶᠠᠷᠢᠯᠴᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠬᠠᠷᠠᠭᠠᠨ ᠳᠠᠬᠢ | ᠤᠮᠠᠷᠠᠲᠤ ᠣᠷᠣᠨ ᠤ ᠣᠯᠠᠨ ᠬᠡᠯᠡᠨ ᠤ ᠰᠤᠷᠪᠤᠯᠵᠢ ᠪᠢᠴᠢᠭ ᠤᠨ ᠰᠤᠳᠤᠯᠤᠯ ᠤᠨ ᠡᠷᠳᠡᠮ ᠰᠢᠨᠵᠢᠯᠡᠭᠡᠨ ᠤ ᠬᠤᠷᠠᠯ ᠤᠨ ᠥᠭᠦᠯᠡᠯ ᠤᠨ ᠲᠡᠭᠦᠪᠦᠷᠢ︾ ᠳᠤ 100 | ᠭᠠᠷᠤᠢ ᠥᠭᠦᠯᠡᠯ ᠢ ᠬᠠᠮᠤᠷᠤᠭᠤᠯᠵᠠᠢ᠃ ︽ᠤᠮᠠᠷᠠᠲᠤ ᠶᠢᠨ ᠤᠯᠠᠨ ᠦᠨᠳᠦᠰᠦᠲᠡᠨ ᠤ ᠤᠯᠠᠨ ᠬᠡᠯᠡᠨ ᠤ ᠰᠤᠷᠪᠤᠯᠵᠢ ᠪᠢᠴᠢᠭ ᠤᠨ ᠰᠠᠭᠤᠷᠢᠨ ᠳᠡᠭᠡᠷ᠎ᠡ ᠲᠤᠮᠳᠠᠳᠦ ᠶᠢᠨ | ᠦᠨᠳᠦᠰᠦᠲᠡᠨ ᠤ ᠰᠣᠶᠣᠯ ᠤᠨ ᠠᠭᠤᠰᠤᠯᠴᠠᠯ᠂ ᠨᠡᠶᠢᠯᠡᠯᠴᠡᠯ ᠤᠨ ᠶᠠᠪᠤᠴᠠ ᠶᠢ ᠬᠠᠷᠠᠭᠤᠯᠵᠤ᠂ ᠲᠤᠮᠳᠠᠳᠦ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠪᠦᠷᠢᠯᠳᠦᠭᠰᠡᠨ ᠶᠠᠪᠤᠴᠠ ᠶᠢ ᠦᠵᠡᠭᠦᠯᠭᠦ ᠶᠢ ᠵᠣᠷᠢᠭᠰᠠᠨ ᠡᠨᠡ ᠬᠦ ᠡᠷᠳᠡᠮ ᠰᠢᠨᠵᠢᠯᠡᠭᠡᠨ ᠤ ᠬᠤᠷᠠᠯ ᠢ ᠪᠦᠭᠦ ᠤᠯᠤᠰ ᠤᠨ ᠬᠡᠪᠴᠢᠶᠡᠨ ᠳᠤ ᠬᠤᠷᠠᠯᠳᠤᠭᠤᠯᠤᠨ᠂ | ᠤᠮᠠᠷᠠᠲᠤ ᠣᠷᠣᠨ ᠤ ᠣᠯᠠᠨ ᠬᠡᠯᠡᠨ ᠤ ᠰᠤᠷᠪᠤᠯᠵᠢ ᠪᠢᠴᠢᠭ ᠢ ᠠᠭᠤᠳᠠᠯᠬᠤ᠂ ᠴᠤᠭᠯᠠᠭᠤᠯᠬᠤ᠂ ᠡᠮᠬᠢᠳᠬᠡᠬᠦ ᠪᠠ ᠰᠤᠳᠤᠯᠬᠤ ᠣᠯᠠᠨ ᠠᠰᠠᠭᠤᠳᠠᠯ ᠤᠨ ᠲᠣᠭᠤᠷᠢᠨ ᠳᠤ | ᠡᠷᠳᠡᠮ ᠰᠢᠨᠵᠢᠯᠡᠭᠡᠨ ᠤ ᠰᠤᠳᠤᠯᠭᠠᠨ ᠤ ᠬᠠᠮᠤᠭ ᠰᠢᠨ᠎ᠡ ᠦᠷ᠎ᠡ ᠪᠦᠲᠦᠭᠡᠯ᠂ ᠤᠭᠢ ᠰᠣᠳᠣ ᠶᠢ ᠤᠯᠠᠨ ᠳᠤ ᠢᠯᠡᠷᠡᠭᠦᠯᠵᠦ᠂ ᠤᠳᠤ ᠦᠶ᠎ᠡ ᠶᠢᠨ ᠨᠡᠶᠢᠭᠡᠮ ᠤᠨ | ᠬᠥᠭᠵᠢᠯᠲᠡ ᠳᠤ ᠢᠳᠡᠪᠬᠢᠲᠡᠢ ᠬᠦᠴᠦᠨ ᠪᠤᠯᠭᠠᠬᠤ ᠪᠠᠷ ᠴᠢᠬᠤᠯᠠ ᠡᠭᠦᠷᠭᠡ ᠪᠠᠨ ᠪᠤᠯᠭᠠᠬᠰᠠᠨ ᠶᠤᠮ︾ ᠭᠡᠵᠦ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠤᠮᠠᠷᠠᠲᠤ ᠣᠷᠣᠨ ᠤ ᠤᠯᠠᠨ ᠬᠡᠯᠡᠨ ᠤ ᠰᠤᠷᠪᠤᠯᠵᠢ ᠪᠢᠴᠢᠭ ᠰᠤᠳᠤᠯᠬᠤ ᠭᠠᠵᠠᠷ ᠤᠨ ᠳᠠᠷᠤᠭ᠎ᠠ ᠱᠣ᠋ ᠯᠢᠨ ᠶᠠᠷᠢᠪᠠ᠃ |