10 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠤᠲᠠ ᠶᠢᠨ ᠵᠠᠰᠠᠭ ᠤᠨ ᠣᠷᠳᠣᠨ ᠤ ᠪᠡᠭᠡᠵᠢᠩ ᠳᠤ | ᠰᠠᠭᠤᠭ᠎ᠠ ᠬᠤᠯᠪᠣᠭ᠎ᠠ ᠠᠪᠬᠤ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠬᠤᠯᠪᠣᠭᠳᠠᠯ | ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭ᠎ᠠ ᠠᠪᠴᠤ ᠦᠢᠯᠡᠴᠢᠯᠡᠬᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠪᠡᠭᠡᠵᠢᠩ | ᠥᠪᠥᠷ ᠮᠣᠩᠭᠤᠯ ᠤᠨ ᠬᠠᠮᠵᠢᠯᠴᠠᠭ᠎ᠠ ᠬᠢᠬᠦ᠂ ᠲᠥᠷᠥᠯ ᠵᠦᠢᠯ ᠢ ᠵᠣᠯᠭᠠᠭᠤᠯᠬᠤ᠂ ᠵᠠᠬᠢᠳᠠᠯ ᠰᠤᠷᠪᠤᠯᠵᠢᠯᠠᠯ ᠤᠨ ᠠᠵᠢᠯ ᠢ ᠠᠯᠬᠤᠮ ᠴᠢᠨᠠᠭᠰᠢᠳᠠ ᠰᠠᠶᠢᠲᠤᠷ ᠬᠢᠬᠦ | ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃ | ᠸᠠᠩ ᠸᠠᠩ ᠱᠧᠩ ᠬᠤᠯᠪᠣᠭ᠎ᠠ ᠠᠪᠬᠤ ᠭᠠᠵᠠᠷ ᠤᠨ ᠺᠠᠳ᠋ᠷ ᠠᠵᠢᠯᠳᠠᠨ᠂ ᠪᠡᠭᠡᠵᠢᠩ ᠳᠤ ᠪᠠᠶᠢᠭ᠎ᠠ ᠵᠠᠬᠢᠳᠠᠯ ᠰᠤᠷᠪᠤᠯᠵᠢᠯᠠᠯ ᠤᠨ ᠠᠵᠢᠯᠳᠠᠨ ᠪᠣᠯᠤᠨ | ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢ ᠪᠣᠯᠭᠤᠭᠠᠨ ᠲᠣᠬᠤᠨᠢᠭᠤᠯᠵᠤ᠂ ᠤᠯᠠᠨ ᠤ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ | ᠲᠡᠷᠡ᠂ ᠪᠡᠭᠡᠵᠢᠩ ᠳᠤ ᠰᠠᠭᠤᠭ᠎ᠠ ᠬᠤᠯᠪᠣᠭ᠎ᠠ ᠠᠪᠬᠤ ᠭᠠᠵᠠᠷ ᠪᠣᠯ ᠬᠥᠯᠥᠨ ᠪᠤᠶᠢᠷ ᠢᠶᠠᠨ ᠭᠠᠳᠠᠭᠰᠢ ᠤᠬᠠᠭᠤᠯᠬᠤ ᠪᠠ ᠳᠦᠷᠢ ᠲᠥᠷᠬᠦ ᠶᠢ ᠳᠡᠯᠭᠡᠨ ᠦᠵᠡᠭᠦᠯᠬᠦ | ᠴᠢᠬᠤᠯᠠ ᠴᠤᠩᠬᠤᠪᠴᠢ ᠮᠥᠨ᠂ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠪᠥᠬᠦ ᠬᠤᠲᠠ ᠶᠢᠨ ᠭᠤᠤᠯ ᠠᠵᠢᠯ᠂ ᠭᠤᠤᠯᠳᠠᠯᠭ᠎ᠠ ᠲᠠᠢ ᠡᠭᠦᠷᠭᠡ ᠶᠢᠨ | ᠲᠣᠭᠤᠷᠢᠨ ᠳᠤ ᠰᠢᠰᠲ᠋ᠧᠮ ᠲᠠᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠳᠠᠪᠠᠭᠤᠯᠢᠭ ᠢᠶᠠᠨ ᠪᠠᠳᠠᠷᠠᠭᠤᠯᠤᠨ ᠡᠯ᠎ᠡ ᠲᠥᠷᠥᠯ ᠤᠨ ᠡᠬᠢ ᠪᠠᠶᠠᠯᠢᠭ ᠤᠨ ᠡᠯᠧᠮᠧᠨ᠋ᠲ ᠢ | ᠳᠠᠶᠢᠴᠢᠯᠠᠵᠤ᠂ ᠪᠡᠭᠡᠵᠢᠩ ᠲᠢᠶᠠᠨᠵᠢᠨ ᠾᠧᠪᠧᠢ ᠵᠢᠴᠢ ᠨᠠᠩ ᠶᠡᠭᠡ ᠬᠡᠪᠴᠢᠶᠡᠨ ᠳᠤ ᠳᠣᠲᠣᠭᠠᠳᠤ ᠳᠠᠭᠠᠨ ᠬᠤᠯᠪᠣᠭᠠᠯᠠᠨ ᠭᠠᠳᠠᠨ᠎ᠠ ᠠᠴᠠ ᠣᠷᠣᠭᠤᠯᠬᠤ ᠡᠷᠴᠢᠮ ᠢᠶᠠᠨ | ᠴᠢᠩᠭᠠᠷᠠᠭᠤᠯᠤᠨ᠂ ᠬᠥᠯᠥᠨ ᠪᠤᠶᠢᠷ ᠬᠢᠭᠡᠳ ᠨᠠᠩ ᠣᠯᠠᠨ ᠭᠠᠵᠠᠷ ᠣᠷᠣᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠬᠡᠷᠡᠭᠲᠡᠶ ᠭᠡᠵᠦ ᠬᠡᠯᠡᠪᠡ᠃ ᠵᠠᠬᠢᠳᠠᠯ | ᠰᠤᠷᠪᠤᠯᠵᠢᠯᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ ᠰᠠᠶᠢᠲᠤᠷ ᠠᠳᠬᠤᠵᠤ᠂ ᠪᠡᠭᠡᠵᠢᠩ ᠪᠠ | ᠣᠷᠣᠨ ᠨᠤᠲᠤᠭ ᠤᠨ ᠬᠤᠭᠤᠷᠣᠨᠳᠣᠬᠢ ᠮᠡᠳᠡᠭᠡ ᠵᠠᠩᠭᠢ ᠶᠢᠨ ᠨᠡᠪᠲᠡᠷᠡᠯᠴᠡᠭᠡ ᠪᠠ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠮᠤᠷ ᠲᠦᠪᠰᠢᠨ ᠪᠠ ᠰᠠᠬᠢᠯᠭ᠎ᠠ | ᠪᠠᠲᠤ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃ ᠤᠯᠤᠰ ᠤᠨ ᠶᠠᠮᠤᠨ ᠵᠥᠪᠯᠡᠯ᠂ ᠲᠥᠪ ᠤᠨ ᠠᠵᠤ ᠠᠬᠤᠶᠢᠯᠠᠯ᠂ ᠡᠯ᠎ᠡ ᠮᠤᠵᠢ ᠬᠤᠲᠠ ᠶᠢᠨ | ᠪᠡᠭᠡᠵᠢᠩ ᠳᠤ ᠰᠠᠭᠤᠭ᠎ᠠ ᠪᠠᠶᠢᠭᠤᠯᠤᠮᠵᠢ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠠᠭ | ᠲᠤᠬᠠᠶ ᠳᠤᠨᠢ ᠰᠤᠷᠤᠯᠴᠠᠨ ᠡᠵᠡᠮᠰᠢᠵᠦ᠂ ᠮᠠᠨ ᠤ ᠬᠤᠲᠠ ᠶᠢᠨ ᠠᠵᠤ ᠦᠢᠯᠡᠰ ᠤᠨ ᠬᠥᠭᠵᠢᠯᠲᠡ ᠲᠠᠢ ᠤᠶᠠᠯᠳᠤᠭᠤᠯᠤᠨ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠴᠢᠬᠤᠯᠠᠲᠠᠶ ᠪᠥᠭᠡᠳ ᠲᠥᠷᠥᠯ ᠵᠦᠢᠯ ᠤᠨ ᠵᠥᠪᠳᠡᠯᠴᠡᠭᠡᠷ ᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠲᠤᠬᠳᠠᠯᠴᠠᠭ᠎ᠠ ᠶᠢᠨ | ᠰᠢᠨ᠎ᠠ ᠶᠢ ᠡᠭᠦᠳᠴᠤ ᠠᠷᠠᠳ ᠢ ᠪᠠᠶᠠᠵᠢᠭᠤᠯᠬᠤ ᠠᠵᠢᠯ ᠢ ᠰᠠᠶᠢᠳᠤᠷ ᠠᠳᠬᠤᠵᠤ᠂ ᠲᠠᠷᠢᠶᠠᠯᠠᠩ ᠮᠠᠯ ᠠᠵᠤ ᠠᠬᠤᠢ᠂ ᠬᠤᠳᠠᠯᠳᠤᠭᠠᠨ ᠤ ᠶᠠᠪᠤᠳᠠᠯ ᠵᠡᠷᠭᠡ ᠰᠠᠯᠠᠭ᠎ᠠ | ᠮᠦᠴᠢᠷ ᠯᠦᠭᠡ ᠶᠢᠨ ᠵᠤᠬᠢᠴᠠᠭᠤᠯᠭ᠎ᠠ ᠬᠠᠮᠳᠤᠷᠠᠯᠴᠠᠭ᠎ᠠ ᠶᠢ ᠴᠢᠩᠭᠠᠳᠬᠠᠨ᠂ ᠡᠯ᠎ᠠ ᠬᠤᠰᠢᠭᠤ ᠬᠤᠳᠠ ᠲᠤᠭᠤᠷᠢᠭ ᠤᠨ ᠬᠤᠨᠢᠨ ᠮᠢᠬ᠎ᠠ ᠵᠡᠷᠭᠡ ᠮᠠᠯ ᠤᠨ ᠠᠰᠢᠭ ᠰᠢᠮ᠎ᠠ | ᠲᠠᠷᠢᠶᠠᠯᠠᠩ ᠤᠨ ᠪᠦᠳᠦᠭᠡᠭᠳᠡᠭᠦᠨ ᠳᠤ ᠰᠢᠭᠤᠳ ᠪᠤᠷᠤᠯᠠᠭᠤᠯᠬᠤ ᠲᠠᠪᠴᠠᠩ ᠢ ᠪᠠᠶᠢᠭᠤᠯᠵᠤ᠂ ︽ᠬᠦᠯᠦᠨ ᠪᠤᠶᠢᠷ ᠤᠨ ᠰᠠᠷᠠᠭᠤᠯ ᠲᠠᠯ᠎ᠠ︾ ᠶᠢᠨ ᠤᠨᠴᠠᠯᠢᠭᠳᠤ | ᠪᠦᠳᠦᠭᠡᠭᠳᠡᠭᠦᠨ ᠪᠠ ᠰᠤᠶᠤᠯ ᠵᠤᠭᠠᠴᠠᠯ ᠤᠨ ᠡᠬᠢ ᠪᠠᠶᠠᠯᠢᠭ ᠢ ᠨᠡᠩ ᠦᠷᠭᠡᠨ ᠳᠡᠯᠭᠡᠷ ᠵᠠᠬ᠎ᠠ ᠲᠡᠯᠭᠡᠭᠦᠷ ᠲᠤ ᠲᠠᠨᠢᠯᠴᠠᠭᠤᠯᠬᠤ ᠬᠡᠷᠡᠭᠳᠡᠢ ᠭᠡᠵᠡᠢ᠃ | ᠸᠠᠩ ᠸᠠᠩ ᠱᠧᠩ᠂ ᠪᠡᠭᠡᠵᠢᠩ ᠳᠤ ᠰᠠᠭᠤᠭ᠎ᠠ ᠠᠵᠢᠯᠲᠠᠨ᠂ ᠱᠠᠩᠬᠠᠶ᠂ ᠬᠥᠬᠡᠬᠤᠲᠠ᠂ ᠬᠠᠷᠪᠢᠨ ᠵᠡᠷᠭᠡ ᠬᠤᠯᠪᠣᠭ᠎ᠠ ᠠᠪᠬᠤ ᠭᠠᠵᠠᠷᠤᠨ ᠬᠥᠮᠦᠰ᠂ ᠨᠤᠲᠤᠭ | ᠤᠰᠤ ᠠᠴᠠ ᠪᠠᠨ ᠬᠤᠯᠠ ᠵᠠᠶᠢᠳᠠᠭᠤ ᠠᠵᠢᠯᠯᠠᠵᠤ ᠪᠠᠶᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠡᠳᠡᠨ ᠢ ᠬᠠᠯᠠᠮᠵᠢᠯᠠᠨ ᠬᠠᠶᠢᠷᠠᠯᠠᠬᠤ ᠡᠷᠴᠢᠮ ᠢᠶᠠᠨ | ᠴᠢᠩᠭᠠᠷᠠᠭᠤᠯᠵᠤ᠂ ᠬᠦᠴᠢᠷ ᠵᠣᠪᠠᠭᠤᠷᠢ ᠶᠢ ᠢᠳᠡᠪᠬᠢᠲᠡᠢ ᠬᠠᠪᠰᠤᠷᠤᠨ ᠰᠢᠢᠳᠪᠦᠷᠢᠯᠡᠵᠦ᠂ ᠪᠦᠬᠦ ᠬᠦᠴᠦᠨ ᠢᠶᠠᠷ ᠢᠶᠠᠨ ᠦᠢᠯᠡᠴᠢᠯᠡᠭᠡ ᠪᠠᠲᠤᠯᠠᠭ᠎ᠠ ᠶᠢ ᠰᠠᠶᠢᠲᠤᠷ ᠬᠢᠬᠦ | ᠬᠡᠷᠡᠭᠲᠡᠢ ᠭᠡᠵᠡᠢ᠃ |