10 ᠰᠠᠷ᠎ᠠ ᠶᠢᠨ 25 ᠤ ᠡᠳᠦᠷ᠂ ᠪᠦᠬᠦ ᠬᠤᠲᠠ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ | ᠬᠥᠮᠦᠵᠢᠯ ᠤᠨ ᠬᠤᠷᠠᠯ ᠵᠢᠴᠢ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠥᠷᠪᠡᠳᠦᠭᠡᠷ ᠤᠯᠠᠷᠢᠯ ᠤᠨ ᠬᠤᠷᠠᠯ ᠬᠤᠷᠠᠯᠳᠤᠵᠤ᠂ ᠬᠥᠯᠥᠨ ᠪᠤᠶᠢᠷ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠵᠢᠢ ᠶᠦᠩ | ᠴᠢᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ | ᠳᠠᠷᠤᠭ᠎ᠠ᠂ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠬᠤ᠋ ᠵᠣᠣ ᠮᠢᠨ ᠬᠤᠷᠠᠯ ᠢ ᠡᠷᠭᠢᠯᠡᠵᠦ᠂ ᠬᠤᠲᠠ ᠶᠢᠨ | ᠤᠳᠤᠷᠢᠳᠤᠯᠭ᠎ᠠ ᠰᠢᠨ ᠱᠦ ᠭᠤᠸᠠᠩ᠂ ᠬᠥᠩ ᠹᠸᠢ ᠲᠢᠶᠠᠨ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ ᠪᠦᠬᠦ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠪᠣᠯᠤᠨ ᠨᠡᠶᠢᠲᠡᠯᠢᠭ ᠠᠳᠡᠯ ᠤᠨ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ | ᠬᠡᠷᠡᠭ ᠢᠶᠠᠷ ᠬᠠᠤᠯᠢ ᠲᠠᠶᠢᠯᠪᠤᠷᠢᠯᠠᠨ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠠᠶᠤᠯ ᠲᠦᠭᠰᠢᠭᠦᠷᠢ ᠶᠢᠨ ᠲᠠᠯᠳᠠ | ᠭᠡᠮ ᠢ ᠬᠠᠨᠳᠤᠯᠭᠠᠲᠤ ᠴᠢᠨᠠᠷᠲᠠᠶ ᠪᠠᠷ ᠰᠡᠷᠭᠡᠶᠢᠯᠡᠨ ᠠᠷᠢᠯᠭᠠᠬᠤ ᠶᠢ ᠱᠠᠭᠠᠷᠳᠠᠪᠠ᠃ | ᠬᠤᠷᠠᠯ ᠠᠴᠠ᠂ ᠡᠨᠡ ᠵᠢᠯ ᠠᠴᠠ ᠨᠠᠰᠢ ᠮᠠᠨ ᠤ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠂ | ᠣᠳᠣᠬᠠᠨ ᠳᠤ ᠶᠠᠭ ᠪᠦᠬᠦ ᠵᠢᠯ ᠤᠨ ᠡᠯ᠎ᠡ ᠵᠦᠢᠯ ᠤᠨ ᠡᠭᠦᠷᠭᠡ ᠵᠠᠩᠭᠢᠯᠠᠭ᠎ᠠ ᠶᠢᠨ ᠱᠠᠲᠤᠨ ᠳᠤ ᠣᠷᠣᠭᠠᠳ ᠪᠠᠶᠢᠨ᠎ᠠ᠂ ᠪᠦᠬᠦ ᠬᠤᠲᠠ ᠳᠠᠶᠠᠭᠠᠷ ᠶᠡᠷᠦᠩᠬᠡᠶ ᠱᠦᠵᠢ | ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠠᠶᠤᠯᠭᠦᠶ | ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ | ᠬᠤᠷᠢᠭ᠎ᠠ ᠱᠤᠭᠤᠮ ᠢ ᠪᠠᠲᠤ ᠰᠠᠬᠢᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠪᠦᠯ ᠤᠨ ᠤᠯᠠᠷᠢᠯ ᠤᠨ ᠠᠮᠤᠷ ᠲᠦᠪᠰᠢᠨ ᠤ ᠣᠨᠴᠠᠯᠢᠭ ᠲᠤ ᠴᠢᠭᠯᠡᠭᠦᠯᠦᠨ᠂ | ᠠᠶᠤᠯᠲᠠᠶ ᠬᠢᠮᠢ ᠶᠢᠨ ᠪᠣᠳᠠᠰ᠂ ᠨᠡᠭᠦᠷᠡᠰᠦᠨ ᠠᠭᠤᠷᠬᠠᠶ᠂ ᠭᠠᠯ ᠤᠨᠲᠠᠷᠠᠭᠠᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠬᠡᠮ ᠰᠣᠭᠤᠭ ᠢ | ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶ ᠠᠬᠢᠭᠤᠯᠵᠤ᠂ ᠦᠷ᠎ᠡ ᠪᠦᠲᠦᠭᠡᠯ ᠢ ᠠᠵᠢᠯ ᠤᠨ ᠲᠦᠪᠰᠢᠨ ᠢᠶᠠᠨ ᠳᠡᠭᠡᠭᠰᠢᠯᠡᠭᠦᠯᠬᠦ᠂ ᠴᠢᠨᠠᠷ | ᠰᠠᠶᠢᠲᠠᠶ ᠬᠥᠭᠵᠢᠯᠲᠡ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠠᠵᠤ | ᠠᠬᠤᠶᠢᠯᠠᠯ ᠤᠨ ᠬᠦᠴᠢᠷᠳᠡᠯ ᠢ ᠬᠦᠴᠦᠯᠡᠨ ᠰᠢᠢᠳᠪᠦᠷᠢᠯᠡᠵᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠨ ᠦᠢᠯᠡᠳᠪᠦᠷᠢᠯᠡᠯ ᠢᠶᠠᠨ ᠰᠡᠷᠭᠦᠭᠡᠬᠦ ᠳᠤ ᠬᠦᠴᠦᠨ | ᠨᠡᠮᠡᠷᠢᠯᠡᠬᠦ ᠬᠡᠷᠡᠭᠲᠡᠢ︔ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠨᠠᠮ | ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ | ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠱᠠᠳᠤ ᠱᠠᠳᠤ ᠪᠠᠷ ᠨᠠᠷᠢᠯᠢᠬᠵᠢᠭᠤᠯᠤᠨ ᠳᠠᠮᠵᠢᠭᠤᠯᠵᠤ᠂ | ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠪᠠ ᠠᠮᠤᠷ ᠲᠦᠪᠰᠢᠨ ᠢ ᠡᠯ᠎ᠡ ᠭᠤᠭᠴᠤᠭ᠎ᠠ ᠳᠤ | ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠤᠨ ᠳᠠᠷᠠᠭ᠎ᠠ ᠪᠠᠰᠠ ᠲᠤᠰᠬᠠᠶ ᠮᠡᠷᠭᠡᠵᠢᠯᠲᠡᠨ ᠠᠴᠠ ᠲᠤᠰᠬᠠᠶ ᠰᠡᠳᠦᠪᠲᠦ ᠬᠢᠴᠢᠶᠡᠯ ᠣᠷᠣᠪᠠ᠃ |