10 ᠰᠠᠷ᠎ᠠ ᠶᠢᠨ 25 ᠤ ᠡᠳᠦᠷ᠂ ᠬᠦᠯᠦᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠪᠦᠬᠦ | ᠬᠤᠲᠠ ᠶᠢᠨ ᠠᠵᠤ ᠠᠬᠤᠢ ᠶᠢᠨ ᠶᠠᠪᠤᠭᠳᠠᠯ ᠤᠨ ᠵᠤᠬᠢᠴᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠬᠤᠲᠠ ᠶᠢᠨ ᠲᠦᠷᠦᠭᠦᠤ ᠭᠤᠷᠪᠠᠨ ᠤᠯᠠᠷᠢᠯ ᠤᠨ | ᠠᠵᠤ ᠠᠬᠤᠢ ᠶᠢᠨ ᠶᠠᠪᠤᠭᠳᠠᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠰᠤᠳᠤᠯᠵᠤ᠂ | ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠤᠳᠤᠷᠢᠳᠤᠯᠭ᠎ᠠ ᠬᠤ᠋ ᠵᠣᠣ ᠮᠢᠨ᠂ ᠬᠥᠩ ᠹᠸᠢ ᠲᠢᠶᠠᠨ | ᠬᠤᠷᠠᠯ ᠳᠤ ᠣᠷᠣᠯᠴᠠᠪᠠ᠃ | ᠬᠤᠷᠠᠯ ᠠᠴᠠ᠂ ᠣᠶᠢᠷ᠎ᠠ ᠶᠢᠨ ᠬᠤᠭᠤᠴᠠᠭᠠᠨ ᠳᠤ ᠬᠦᠴᠦᠲᠡᠶ ᠲᠣᠬᠢᠷᠠᠭᠤᠯᠤᠯᠲᠠ ᠪᠠ ᠬᠠᠨᠳᠤᠯᠭᠠᠲᠤ ᠴᠢᠨᠠᠷᠲᠠᠶ ᠪᠠᠶᠢᠷᠢᠯᠠᠭᠤᠯᠤᠯᠲᠠ ᠪᠠᠷ ᠳᠡᠮᠵᠢᠨ᠂ ᠠᠵᠤ | ᠠᠬᠤᠶ ᠶᠢᠨ ᠶᠠᠪᠤᠭᠳᠠᠯ ᠤᠨ ᠪᠠᠶᠢᠳᠠᠯ ᠳᠤ ᠢᠳᠡᠪᠬᠢᠲᠡᠶ ᠬᠤᠪᠢᠷᠠᠯᠲᠠ ᠭᠠᠷᠤᠭᠰᠠᠨ ᠪᠣᠯᠪᠠᠴᠤ ᠪᠠᠭᠤᠷᠠᠬᠤ ᠳᠠᠷᠤᠯᠲᠠ ᠮᠥᠨ ᠬᠦ ᠨᠡᠯᠢᠶᠡᠳ ᠶᠡᠭᠡ ᠪᠠᠶᠢᠨ᠎ᠠ᠃ | ᠣᠳᠣᠬᠠᠨ ᠳᠤ ᠪᠦᠬᠦ ᠵᠢᠯ ᠤᠨ ᠰᠡᠭᠦᠯ ᠬᠤᠷᠢᠶᠠᠬᠤ ᠪᠤᠯᠳᠠᠯ᠎ᠠ ᠪᠠᠰᠠ ᠬᠤᠶᠠᠷ ᠰᠠᠷ᠎ᠠ ᠶᠢᠨ ᠬᠤᠭᠤᠴᠠᠭ᠎ᠠ ᠪᠣᠢ᠂ ᠪᠠᠶᠢᠳᠠᠯ ᠪᠣᠯᠤᠨ ᠥᠷᠢᠰᠥᠯᠳᠦᠭᠡᠨ ᠢ ᠬᠤᠪᠢᠰᠤᠩᠭᠤᠢ | ᠲᠠᠨᠢᠵᠤ᠂ ᠪᠦᠬᠦ ᠵᠢᠯ ᠤᠨ ᠬᠠᠷᠠᠯᠲᠠ ᠪᠠᠨ ᠰᠤᠯᠠᠷᠠᠭᠤᠯᠤᠯ ᠦᠭᠡᠢ ᠲᠣᠭᠲᠠᠭᠠᠵᠤ᠂ ᠳᠠᠪᠠᠭᠤᠯᠢᠭ ᠭᠦᠢᠴᠡᠳᠬᠡᠬᠦ ᠲᠤᠭ᠎ᠠ ᠪᠠᠨ ᠪᠠᠬᠢᠵᠢᠭᠦᠯᠵᠦ᠂ ᠳᠤᠲᠠᠭᠤᠳᠠᠯ ᠢᠶᠠᠨ | ᠳᠡᠭᠡᠭᠰᠢᠯᠡᠭᠦᠯᠵᠦ᠂ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ | ᠬᠤᠷᠠᠯ ᠠᠴᠠ᠂ ᠬᠠᠷᠰᠢ ᠰᠠᠭᠠᠳ ᠢ ᠢᠯᠠᠨ ᠳᠠᠪᠠᠵᠤ ᠲᠦᠷᠦᠯ ᠵᠦᠢᠯ ᠢ ᠠᠳᠬᠤᠵᠤ᠂ ᠡᠨᠡ ᠵᠢᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠪᠣᠯᠤᠨ ᠢᠷᠡᠬᠦ ᠵᠢᠯ ᠤᠨ ᠲᠦᠷᠦᠯ ᠵᠦᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠶᠢ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠣᠭᠤᠮᠲᠠ ᠰᠢᠪᠲᠤᠯᠬᠤ | ᠰᠠᠷ᠎ᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ︽ᠨᠢᠭᠡ ᠬᠠᠷᠠᠭᠠᠯᠵᠠᠬᠤ ᠨᠢᠭᠡ︾ ᠶᠢᠨ ᠵᠢᠭᠠᠨ ᠵᠢᠯᠣᠭᠤᠳᠴᠤ | ᠬᠠᠪᠰᠤᠷᠤᠨ ᠴᠡᠭᠴᠡᠯᠡᠨ ᠰᠠᠶᠢᠵᠢᠷᠠᠭᠤᠯᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠷᠭᠡᠨ ᠪᠡᠶᠡᠯᠡᠭᠦᠯᠵᠦ᠂ ᠦᠢᠯᠡᠳᠪᠦᠷᠢᠯᠡᠯ ᠤᠨ | ᠴᠢᠳᠠᠪᠤᠷᠢ ᠪᠠᠨ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠡᠰ ᠳᠡᠪᠰᠢᠬᠦ᠂ ᠰᠢᠨ᠎ᠡ ᠪᠠᠷ | ᠮᠠᠨᠳᠤᠭᠰᠠᠨ ᠠᠵᠤ ᠦᠢᠯᠡᠰ ᠤᠨ ᠨᠡᠮᠡᠭᠳᠡᠯ ᠤᠨ ᠬᠡᠮᠵᠢᠶ᠎ᠡ ᠶᠢ ᠪᠤᠶᠢᠵᠢᠭᠤᠯᠬᠤ᠂ ᠤᠳᠤ ᠦᠶ᠎ᠡ ᠶᠢᠨ ᠲᠠᠷᠢᠶᠠᠯᠠᠩ ᠪᠣᠯᠤᠨ ᠦᠢᠯᠡᠴᠢᠯᠡᠭᠡᠨ ᠤ ᠦᠢᠯᠡᠰ ᠤᠨ ᠶᠠᠰᠤ | ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠴᠢᠨᠠᠷ ᠰᠠᠶᠢᠲᠠᠢ ᠬᠥᠭᠵᠢᠯᠲᠡᠳᠤ ᠪᠠᠲᠤ | ᠪᠠᠬᠢ ᠠᠵᠤ ᠦᠢᠯᠡᠰ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ᠤᠯᠤᠰ ᠤᠨ ︽ᠬᠤᠶᠠᠷ ᠰᠢᠨ᠎ᠡ︾ ᠶᠢᠨ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ | ᠠᠮᠵᠢᠵᠤ᠂ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠳᠣᠲᠣᠭᠠᠳᠤ ᠬᠡᠷᠡᠭᠴᠡᠭᠡ ᠭᠠᠳᠠᠭᠠᠳᠤ ᠬᠡᠷᠡᠭᠴᠡᠭᠡ ᠶᠢᠨ ᠬᠤᠣᠰ ᠴᠢᠭᠯᠡᠯ ᠢᠶᠠᠷ ᠬᠦᠴᠦᠯᠡᠵᠦ᠂ | ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠬᠤᠷᠠᠮᠳᠤᠭᠤᠯᠬᠤ ᠬᠡᠷᠡᠭᠲᠡᠢ᠃ ᠵᠢᠯ ᠤᠨ | ᠡᠴᠦᠰ ᠪᠣᠯᠬᠤ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠢᠯ ᠤᠨ ᠡᠬᠢᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ | ᠲᠣᠭᠲᠠᠭᠰᠠᠨ ᠡᠭᠦᠷᠭᠡ ᠲᠠᠢ ᠨᠠᠷᠢᠨ ᠬᠢᠨᠠᠮᠠᠭᠠᠶ ᠬᠠᠷᠢᠴᠠᠭᠤᠯᠵᠤ᠂ ᠪᠥᠬᠦ ᠲᠠᠯ᠎ᠠ ᠪᠠᠷ ᠲᠣᠭᠠᠯᠠᠨ ᠪᠦᠷᠢᠳᠬᠡᠵᠦ᠂ ᠠᠯᠳᠠᠭᠳᠠᠯ ᠢ ᠪᠠᠶᠢᠴᠠᠭᠠᠨ ᠳᠤᠲᠠᠭᠤ ᠶᠢ | ᠨᠥᠬᠦᠪᠥᠷᠢᠯᠡᠵᠦ᠂ ᠲᠤᠭ᠎ᠠ ᠬᠡᠮᠵᠢᠶ᠎ᠡ ᠶᠢ ᠪᠠᠲᠤᠯᠠᠨ ᠲᠠᠩᠰᠠ ᠲᠤᠰᠢᠶᠠᠵᠤ᠂ ᠡᠯ᠎ᠡ ᠬᠦᠷᠢᠶᠡᠨ ᠤ ᠴᠡᠭᠴᠡᠯᠡᠨ ᠰᠠᠶᠢᠵᠢᠷᠠᠭᠤᠯᠬᠤ ᠪᠠ ᠥᠷᠢ ᠥᠭᠴᠡᠭᠡ ᠶᠢ ᠠᠷᠢᠯᠭᠠᠬᠤ | ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠳᠥᠷᠪᠡᠳᠦᠭᠡᠷ ᠤᠯᠠᠷᠢᠯ ᠳᠤ ᠪᠥᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠡᠴᠦᠰ ᠤᠨ | ᠳᠠᠶᠢᠯᠠᠯᠳᠤᠭᠠᠨ ᠢ ᠰᠠᠶᠢᠲᠤᠷ ᠬᠢᠵᠦ᠂ ᠪᠥᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ | ᠱᠠᠭᠠᠷᠳᠠᠵᠠᠢ᠃ |