10 ᠰᠠᠷ᠎ᠠ ᠶᠢᠨ 28 ᠤ ᠡᠳᠦᠷ᠂ ᠬᠥᠯᠥᠨ ᠪᠤᠶᠢᠷ ᠬᠤᠲᠠ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠬᠤ ᠴᠢᠳᠠᠪᠤᠷᠢᠲᠠᠨ ᠤ ᠪᠤᠯᠪᠠᠰᠤᠷᠠᠭᠤᠯᠤᠯ ᠤᠨ | ᠶᠡᠭᠡ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ | ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠬᠤᠷᠠᠯ ᠡᠷᠭᠢᠯᠡᠪᠡ᠃ | | | | ᠸᠠᠩ ᠸᠠᠩ ᠱᠧᠩ ᠶᠠᠷᠢᠶᠠᠨ ᠳᠠᠭᠠᠨ ᠣᠳᠣᠬᠠᠨ ᠤ ᠮᠠᠨ ᠤ ᠬᠤᠲᠠ ᠶᠢᠨ ᠮᠠᠯ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠲᠣᠳᠣᠷᠬᠠᠶᠢᠯᠠᠨ ᠥᠭᠦᠯᠡᠵᠦ᠂ | ︽ᠶᠠᠭᠤᠨ ᠳᠤ︾ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠵᠢᠴᠢ ︽ᠶᠠᠭᠠᠬᠢᠵᠤ︾ ᠥᠭᠡᠷᠡᠴᠢᠯᠡᠬᠦ᠂ ︽ᠬᠡᠨ︾ | ᠥᠭᠡᠷᠡᠴᠢᠯᠡᠬᠦ ᠲᠠᠯ᠎ᠠ ᠠᠴᠠ ᠲᠣᠰ ᠤᠳᠠᠭᠠᠨ ᠤ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠬᠦ ᠵᠣᠷᠢᠯᠭ᠎ᠠ ᠶᠢ ᠣᠯᠠᠨ ᠳᠤ ᠲᠣᠳᠣᠷᠬᠠᠶ ᠲᠠᠶᠢᠯᠪᠤᠷᠢᠯᠠᠨ ᠥᠭᠴᠦ᠂ ︽ | ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ | ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ︾ ᠥᠭᠡᠷᠡᠴᠢᠯᠡᠯᠲᠡ ᠶᠢᠨ ᠰᠡᠳᠦᠪ ᠤᠨ ᠠᠴᠢ ᠬᠤᠯᠪᠣᠭᠳᠠᠯ᠂ ᠬᠠᠷᠠᠯᠲᠠ᠂ ᠠᠷᠭ᠎ᠠ ᠬᠡᠮᠵᠢᠶ᠎ᠡ ᠪᠠ | ᠬᠠᠷᠢᠭᠤᠴᠠᠯᠭ᠎ᠠ ᠶᠢᠨ ᠰᠢᠰᠲ᠋ᠧᠮ ᠢ ᠠᠯᠬᠤᠮ ᠴᠢᠨᠠᠭᠰᠢᠳᠠ ᠲᠣᠳᠣᠷᠬᠠᠶᠢᠯᠠᠪᠠ᠃ | | | | ᠸᠠᠩ ᠸᠠᠩ ᠱᠧᠩ᠂ ᠡᠨᠡᠬᠦ ᠥᠭᠡᠷᠡᠴᠢᠯᠡᠯᠲᠡ ᠶᠢᠨ ᠠᠵᠢᠯ ᠪᠣᠯ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠭᠠᠷᠳᠠᠴᠠ | ᠪᠣᠯᠤᠨ᠎ᠠ᠂ ᠡᠭᠦᠨ ᠤ ᠬᠠᠮᠲᠤ ᠮᠠᠯᠴᠢᠨ ᠲᠠᠷᠢᠶᠠᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠨᠡᠩ ᠰᠠᠶᠢᠨ᠂ ᠨᠡᠩ ᠤᠷᠳᠤ ᠬᠤᠭᠤᠴᠠᠭᠠᠨ ᠤ ᠬᠥᠭᠵᠢᠯᠲᠡ ᠶᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠪᠣᠯᠤᠨ᠎ᠠ᠃ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠪᠠᠷ ᠳᠡᠮᠵᠢᠨ᠂ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠪᠦᠬᠦᠯᠢ | ᠴᠣᠭᠴᠠ ᠶᠢᠨ ᠲᠥᠰᠦᠯ ᠢ ᠲᠣᠭᠲᠠᠭᠠᠨ᠂ 1+ N+M ᠨᠢᠭᠡ ᠴᠣᠭᠴᠠᠵᠢᠭᠰᠠᠨ ᠠᠵᠢᠯᠯᠠᠭᠠᠨ ᠤ ᠰᠢᠰᠲ᠋ᠧᠮ ᠢ ᠪᠠᠶᠢᠭᠤᠯᠪᠠ᠃ ᠥᠷᠭᠡᠨ ᠣᠯᠠᠨ ᠮᠠᠯᠴᠢᠨ | ᠲᠠᠷᠢᠶᠠᠴᠢᠨ᠂ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠤᠨ ᠬᠢᠨ ᠡᠨᠡ ᠬᠦ ᠥᠭᠡᠷᠡᠴᠢᠯᠡᠯᠲᠡ ᠶᠢ ᠭᠦᠢᠴᠡᠳ ᠤᠶᠢᠯᠠᠭᠠᠨ ᠳᠡᠮᠵᠢᠵᠦ᠂ ᠪᠥᠬᠦ | ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠢ ᠪᠦᠯᠬᠦᠮᠳᠡᠨ ᠨᠢᠭᠡᠳᠴᠦ᠂ ᠠᠯᠬᠤᠮ ᠢᠶᠠᠨ | ᠨᠢᠭᠡᠳᠬᠡᠵᠦ᠂ ᠬᠦᠴᠦ ᠪᠠᠨ ᠬᠠᠮᠲᠤᠳᠬᠠᠨ ᠲᠠᠯ᠎ᠠ ᠨᠤᠲᠤᠭ ᠢᠶᠠᠨ ᠰᠠᠶᠢᠲᠤᠷ ᠬᠠᠮᠠᠭᠠᠯᠠᠵᠤ᠂ ᠮᠠᠯ ᠠᠵᠤ ᠠᠬᠤᠶ ᠶᠢᠨ ᠪᠦᠲᠦᠴᠡ ᠲᠠᠩ ᠴᠤᠯᠭᠤᠶ᠂ ᠬᠥᠭᠵᠢᠯᠲᠡ ᠶᠢᠨ | ᠴᠢᠨᠠᠷ ᠪᠦᠲᠦᠮᠵᠢ ᠥᠨᠳᠥᠷ ᠪᠢᠰᠢ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠨᠢ ᠲᠦᠷᠭᠡᠨ ᠪᠤᠰᠤ ᠵᠡᠷᠭᠡ ᠣᠯᠠᠨ ᠵᠢᠯ ᠤᠨ ᠲᠤᠷᠰᠢ ᠰᠢᠢᠳᠪᠦᠷᠢᠯᠡᠭᠡᠳᠦᠢ | ᠠᠰᠠᠭᠤᠳᠠᠯ ᠢ ᠲᠦᠢᠯᠪᠤᠷᠢᠲᠠᠶ ᠦᠨᠳᠦᠰᠦᠨ ᠠᠴᠠ ᠨᠢ ᠰᠠᠶᠢᠲᠤᠷ ᠵᠠᠰᠠᠵᠤ᠂ ᠮᠠᠨ ᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠪᠣᠳᠠᠲᠠᠶ ᠳᠤ ᠨᠡᠶᠢᠴᠡᠭᠰᠡᠨ | ᠣᠳᠣᠬᠢᠴᠢᠯᠠᠭᠰᠠᠨ ᠬᠥᠭᠵᠢᠯᠲᠡ ᠶᠢᠨ ᠠᠷᠭ᠎ᠠ ᠵᠠᠮ ᠢ ᠬᠠᠮᠲᠤ ᠪᠠᠷ ᠬᠠᠶᠢᠨ ᠰᠦᠪᠡᠭᠴᠢᠯᠡᠬᠦ ᠬᠡᠷᠡᠭᠲᠡᠶ ᠭᠡᠵᠡᠢ᠃ | ᠪᠣᠯᠪᠠᠰᠤᠷᠠᠭᠤᠯᠤᠯ ᠤᠨ ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ 4 ᠲᠤᠰᠬᠠᠶ ᠮᠡᠷᠭᠡᠵᠢᠯᠲᠡᠨ ᠡᠷᠳᠡᠮᠲᠡᠨ ᠢ ᠤᠷᠢᠵᠤ᠂ ᠲᠣᠰ ᠲᠣᠰ ᠮᠠᠯ ᠠᠵᠤ | ᠠᠬᠤᠶ ᠶᠢᠨ ᠣᠳᠣᠬᠢᠴᠢᠯᠠᠯᠲᠠ ᠶᠢᠨ ᠬᠡᠯᠪᠡᠷᠢ ᠪᠠᠨ ᠬᠤᠪᠢᠷᠠᠭᠤᠯᠬᠤ᠂ ︽ᠭᠤᠷᠪᠠ ᠶᠢ ᠨᠢᠭᠡ ᠴᠣᠭᠴᠠᠵᠢᠭᠤᠯᠬᠤ︾ ᠰᠢᠰᠲ᠋ᠧᠮ ᠤᠨ ᠪᠠᠶᠢᠭᠤᠯᠤᠯᠲᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠵᠢᠴᠢ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ | ᠵᠡᠷᠭᠡ ᠠᠭᠤᠯᠭ᠎ᠠ ᠶᠢᠨ ᠲᠣᠭᠤᠷᠢᠨ ᠳᠤ ᠪᠣᠯᠪᠠᠰᠤᠷᠠᠭᠤᠯᠤᠯ ᠬᠢᠵᠦ᠂ ᠣᠨᠣᠯ ᠪᠠ ᠪᠣᠳᠠᠲᠤ ᠠᠵᠢᠯᠯᠠᠭᠠᠨ ᠤ ᠲᠠᠯ᠎ᠠ ᠠᠴᠠ ᠪᠥᠬᠦ ᠬᠤᠲᠠ ᠶᠢᠨ ᠨᠠᠮ ᠤᠨ ᠭᠡᠰᠢᠭᠦᠨ ᠺᠠᠳ᠋ᠷ | ᠪᠠ ᠮᠠᠯᠴᠢᠨ ᠲᠦᠮᠡᠨ ᠤ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠴᠢᠳᠠᠪᠤᠷᠢ ᠶᠢᠨ ᠬᠢᠷᠢ ᠲᠦᠪᠰᠢᠨ ᠢᠶᠠᠨ | ᠳᠡᠭᠡᠭᠰᠢᠯᠡᠬᠦᠯᠬᠦ ᠳᠤ ᠨᠢ ᠬᠠᠪᠰᠤᠷᠤᠯᠭ᠎ᠠ ᠪᠤᠯᠪᠠ᠃ |