10 ᠰᠠᠷ᠎ᠠ ᠶᠢᠨ 28 ᠤ ᠡᠳᠦᠷ᠂ ᠬᠥᠯᠥᠨ ᠪᠤᠶᠢᠷ ᠬᠤᠲᠠ ᠶᠢᠨ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠤᠨ ᠲᠤᠰᠬᠠᠶ ᠰᠡᠳᠦᠪᠲᠦ | ᠵᠤᠬᠢᠴᠠᠭᠤᠯᠤᠨ ᠠᠬᠢᠭᠤᠯᠬᠤ ᠬᠤᠷᠠᠯ ᠬᠤᠷᠠᠯᠳᠤᠭᠤᠯᠵᠤ᠂ ᠬᠤᠯᠪᠣᠭᠳᠠᠯ ᠪᠥᠬᠦᠶ ᠠᠵᠢᠯ ᠤᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ | ᠱᠠᠲᠤᠨ ᠤ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠤᠷᠠᠯ ᠳᠤ ᠣᠷᠣᠯᠴᠠᠨ ᠶᠠᠷᠢᠶ᠎ᠠ | ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠬᠤᠷᠠᠯ ᠡᠷᠭᠢᠯᠡᠪᠡ᠃ ᠬᠤᠷᠠᠯ ᠳᠡᠭᠡᠷ᠎ᠡ᠂ ᠪᠥᠬᠦ | ᠬᠤᠲᠠ ᠶᠢᠨ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ ᠵᠠᠷᠯᠠᠨ ᠮᠡᠳᠡᠭᠳᠡᠵᠦ᠂ ᠬᠠᠶᠢᠯᠠᠷ ᠲᠣᠭᠤᠷᠢᠭ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤ᠂ ᠬᠤᠲᠠ ᠶᠢᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ | ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠬᠤᠯᠪᠣᠭᠳᠠᠯ ᠪᠥᠬᠦᠶ ᠠᠵᠢᠯ ᠤᠨ ᠪᠠᠶᠢᠳᠠᠯ ᠤᠨ ᠲᠤᠬᠠᠶ | ᠬᠠᠷᠢᠭᠤ ᠮᠡᠳᠡᠭᠦᠯᠦᠯᠲᠡ ᠬᠢᠪᠠ᠃ | ᠸᠠᠩ ᠸᠠᠩ ᠱᠧᠩ᠂ ᠡᠯ᠎ᠡ ᠱᠠᠲᠤ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠦᠭᠦᠳ ᠦᠵᠡᠯ ᠰᠠᠨᠠᠭ᠎ᠠ ᠲᠠᠨᠢᠯᠲᠠ ᠪᠠᠨ | ᠠᠯᠬᠤᠮ ᠴᠢᠨᠠᠭᠰᠢᠳᠠ ᠳᠡᠭᠡᠭᠰᠢᠯᠡᠭᠦᠯᠵᠦ᠂ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠤᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠣᠨᠣᠪᠴᠢᠲᠠᠶ | ᠡᠵᠡᠮᠳᠡᠵᠦ᠂ ᠨᠠᠩ ᠶᠡᠭᠡ ᠡᠷᠡᠰ ᠵᠣᠷᠢᠭ ᠪᠠ ᠡᠷᠴᠢᠮ ᠢᠶᠠᠷ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠪᠠᠭᠤᠷᠠᠶ ᠭᠤᠭᠴᠤᠭ᠎ᠠ ᠠᠴᠠ ᠡᠬᠢᠯᠡᠨ ᠠᠳᠬᠤᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠪᠠᠶᠢᠩᠭᠤ ᠪᠦᠲᠦᠮᠵᠢᠲᠡᠶ ᠬᠠᠮᠢᠶᠠᠷᠤᠯᠲᠠ ᠶᠢ ᠤᠶᠠᠯᠳᠤᠭᠤᠯᠬᠤ ᠶᠢ | ᠴᠢᠬᠤᠯᠠᠴᠢᠯᠠᠵᠤ᠂ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ᠂ ᠬᠤᠲᠠ ᠶᠢᠨ ᠴᠢᠳᠠᠮᠵᠢ ᠶᠢᠨ ᠴᠢᠨᠠᠷ ᠲᠠᠰ᠂ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠪᠠ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠨᠠᠩ ᠰᠠᠶᠢᠲᠤᠷ ᠳᠡᠭᠡᠭᠰᠢᠯᠡᠭᠦᠯᠵᠦ᠂ ᠬᠤᠲᠠ ᠶᠢᠨ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ | ᠲᠤᠬᠠᠶ ᠬᠦᠰᠡᠯ ᠡᠷᠡᠮᠡᠯᠵᠡᠯ ᠪᠠ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠬᠤ ᠬᠡᠷᠡᠭᠲᠡᠶ ᠭᠡᠵᠡᠢ᠃ | ᠸᠠᠩ ᠸᠠᠩ ᠱᠧᠩ᠂ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠮᠥᠨ᠂ ᠡᠷᠬᠡᠪᠰᠢ ᠡᠯ᠎ᠡ | ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠳᠠᠶᠢᠴᠢᠯᠠᠵᠤ᠂ ᠬᠠᠷᠢᠭᠤᠴᠠᠯᠭ᠎ᠠ ᠶᠢᠨ ᠰᠢᠰᠲ᠋ᠧᠮ ᠢ ᠪᠣᠳᠠᠲᠠᠶᠢᠵᠢᠭᠤᠯᠵᠤ᠂ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠬᠠᠮᠵᠢᠯᠴᠠᠨ ᠠᠬᠢᠭᠤᠯᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠵᠥᠪ | ᠴᠢᠭᠯᠡᠯ ᠢᠶᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠬᠤᠲᠠ ᠶᠢᠨ ᠠᠷᠠᠳ ᠤᠨ ᠡᠭᠦᠳᠦᠨ | ᠪᠠᠶᠢᠭᠤᠯᠬᠤ ᠠᠵᠢᠯ ᠢ ᠳᠡᠮᠵᠢᠬᠦ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠵᠤ᠂ | ᠡᠳᠦᠷ ᠲᠤᠳᠤᠮ ᠤᠨ ᠬᠢᠨᠠᠯᠲᠠ ᠲᠠᠯᠪᠢᠬᠤ ᠶᠢ ᠴᠢᠬᠤᠯᠠᠴᠢᠯᠠᠵᠤ᠂ ᠡᠭᠦᠳᠦᠨ ᠪᠠᠶᠢᠭᠤᠯᠬᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠵᠡᠢ᠃ |