— 2024 ᠣᠨ ᠤ 1 ᠳ᠋ᠦ᠋ᠭᠡᠷ ᠰᠠᠷ᠎ᠠ ᠶᠢᠨ 30 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | ᠲᠥᠯᠥᠭᠡᠯᠡᠭᠴᠢᠳ ᠠ᠋᠄ | ᠤᠳᠤ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ | ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠪᠤᠰᠤᠳ ᠰᠤᠯᠠ ᠤᠷᠤᠯᠴᠬᠠᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ᠥᠩᠭᠡᠷᠡᠭᠰᠡᠨ ᠨᠢᠭᠡ ᠵᠢᠯ ᠤᠨ ᠠᠵᠢᠯ ᠤᠨ ᠡᠷᠭᠢᠴᠡᠭᠦᠯᠦᠯ | 2023 ᠣᠨ ᠪᠣᠯ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠠᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠃ | ᠶᠡᠷᠦᠩᠬᠡᠢ ᠱᠦᠵᠢ ᠰᠢ ᠶᠢᠨ ᠫᠢᠩ ᠮᠠᠨ ᠤ ᠣᠷᠣᠨ ᠳᠤ ᠳᠠᠬᠢᠨᠲᠠ ᠮᠣᠷᠢᠯᠠᠨ ᠰᠠᠭᠠᠲᠠᠵᠤ ᠰᠢᠨᠵᠢᠯᠡᠨ ᠪᠠᠶᠢᠴᠠᠭᠠᠭᠰᠠᠨ ᠨᠢ ᠪᠢᠳᠡᠨ ᠳᠤ ᠯᠤᠲᠤ ᠶᠡᠭᠡ ᠤᠯᠤᠰ | ᠲᠦᠷᠦ ᠶᠢᠨ ᠬᠠᠯᠠᠮᠵᠢᠯᠠᠯ ᠪᠠ ᠡᠷᠬᠢᠮ ᠨᠠᠨᠳᠢᠨ ᠬᠥᠭᠵᠢᠯᠲᠡ ᠶᠢᠨ ᠠᠵᠠ ᠲᠤᠬᠢᠶᠠᠯ ᠢ ᠠᠪᠴᠢᠷᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ | ᠥᠷᠨᠢᠭᠦᠯᠦᠭᠰᠡᠨ ᠨᠢ ᠪᠢᠳᠡᠨ ᠤ ᠲᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠠᠤᠭ᠎ᠠ | ᠶᠡᠭᠡ ᠬᠦᠴᠦᠨ ᠴᠢᠳᠠᠯ ᠢ ᠬᠤᠷᠠᠮᠳᠤᠭᠤᠯᠪᠠ᠃ ᠲᠦᠷᠦ ᠶᠢᠨ ᠶᠠᠪᠤᠳᠠᠯ ᠤᠨ ᠬᠤᠷᠢᠶ᠎ᠠ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠢ | ᠨᠡᠶᠢᠲᠡᠯᠡᠭᠰᠡᠨ ᠨᠢ ᠪᠢᠳᠡᠨ ᠤ ᠲᠠᠪᠤᠨ ᠶᠡᠭᠡ ᠡᠭᠦᠷᠭᠡ ᠶᠢ ᠨᠡᠩ ᠰᠠᠶᠢᠲᠤᠷ ᠪᠡᠶᠡᠯᠡᠭᠦᠯᠬᠦ ᠳᠤ ᠬᠦᠴᠦᠲᠡᠢ ᠬᠥᠳᠡᠯᠭᠡᠭᠴᠢ ᠬᠦᠴᠦᠨ ᠬᠠᠩᠭᠠᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠠᠴᠠ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠶᠡᠷᠦᠩᠬᠡᠶᠢᠯᠡᠨ ᠵᠠᠬᠢᠷᠬᠤ ᠴᠢᠨᠠᠷᠲᠠᠢ ᠱᠠᠭᠠᠷᠳᠠᠯᠭ᠎ᠠ ᠪᠠ ᠰᠢᠨ᠎ᠡ ᠵᠠᠮ ᠢ ᠨᠡᠭᠡᠭᠡᠵᠦ᠂ | ᠳᠤᠮᠳᠠ ᠲᠦᠪᠰᠢᠨ ᠳᠤ ᠣᠷᠣᠬᠤ ᠲᠡᠮᠡᠴᠡᠯ ᠤᠨ ᠬᠠᠷᠠᠯᠲᠠ ᠶᠢ ᠳᠤᠷᠠᠳᠴᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠰᠡᠳᠬᠢᠯ ᠵᠢᠷᠦᠬᠡᠨ ᠠᠴᠠ ᠪᠠᠨ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠤᠨ᠂ ᠶᠡᠷᠦᠩᠬᠡᠢ ᠱᠦᠵᠢ ᠰᠢ ᠶᠢᠨ ᠫᠢᠩ ᠢ ᠲᠠᠭᠠᠵᠦ ᠰᠢᠨ᠎ᠡ ᠠᠶᠠᠨ ᠳᠤ | ᠡᠷᠡᠯᠬᠡᠭᠯᠡᠨ ᠤᠷᠤᠭᠰᠢᠯᠠᠵᠤ᠂ ᠣᠷᠣᠨ ᠳᠠᠶᠠᠭᠠᠷ ᠢᠶᠠᠨ ᠶᠡᠷᠦᠩᠬᠡᠢ ᠬᠡᠮᠵᠢᠶ᠎ᠡ ᠪᠠᠨ ᠪᠤᠵᠠᠭᠠᠶᠢᠷᠠᠭᠤᠯᠬᠤ ᠪᠠ ᠪᠠᠶᠢᠷᠢ ᠳᠡᠭᠡᠭᠰᠢᠯᠡᠭᠦᠯᠦᠨ ᠲᠡᠰ ᠳᠡᠪᠰᠢᠭᠦᠯᠬᠦ ᠡᠷᠡᠯᠬᠡᠭ | ᠵᠣᠷᠢᠭ ᠠᠤᠭ᠎ᠠ ᠬᠦᠰᠡᠯ ᠢ ᠪᠣᠢ ᠪᠤᠯᠭᠠᠵᠦ᠂ ᠬᠥᠭᠵᠢᠯᠲᠡ ᠪᠠᠨ ᠲᠦᠷᠭᠡᠳᠬᠡᠬᠦ᠂ ᠬᠥᠭᠵᠢᠯᠲᠡ ᠶᠢ ᠶᠡᠭᠡ ᠪᠠᠷ ᠠᠳᠬᠤᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ | ᠨᠢᠭᠲᠠᠷᠠᠭᠤᠯᠪᠠ᠃ | ᠨᠢᠭᠡ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠭᠦ ᠵᠢᠯ ᠤᠨ ᠬᠠᠷᠠᠯᠲᠠ | ᠡᠭᠦᠷᠭᠡ ᠪᠠᠨ ᠲᠡᠭᠦᠰ ᠠᠮᠵᠢᠯᠲᠠᠲᠠᠢ ᠪᠡᠶᠡᠯᠡᠭᠦᠯᠵᠦ᠂ ᠬᠢᠯᠪᠠᠷ ᠪᠤᠰᠤ ᠠᠮᠵᠢᠯᠲᠠ ᠪᠦᠳᠦᠮᠵᠢ ᠶᠢᠨ ᠬᠠᠭᠤᠳᠠᠰᠤ ᠲᠤᠰᠢᠶᠠᠭᠰᠠᠨ ᠪᠠᠶᠢᠨ᠎ᠠ᠃ | — ᠠᠵᠤ ᠠᠬᠤᠢ ᠶᠢᠨ ᠭᠤᠣᠯ ᠭᠦᠢᠴᠡᠳᠬᠡᠯ ᠲᠣᠭᠠᠨ ᠤ ᠨᠡᠮᠡᠭᠳᠡᠯ ᠤᠨ ᠬᠤᠷᠳᠤᠴᠠ ᠪᠦᠭᠦ ᠤᠯᠤᠰ ᠤᠨ ᠲᠡᠷᠢᠭᠦᠨ ᠡᠩᠨᠡᠭᠡᠨ ᠳᠤ ᠪᠠᠶᠢᠷᠢᠰᠢᠪᠠ᠃ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 7.3% ᠨᠡᠮᠡᠭᠳᠡᠨ᠂ ᠪᠦᠭᠦ ᠤᠯᠤᠰ ᠤᠨ ᠭᠤᠷᠪᠠᠳᠤᠭᠠᠷ ᠲᠤ ᠪᠠᠶᠢᠷᠢᠰᠢᠵᠤ᠂ 2010 ᠣᠨ ᠠᠴᠠ ᠨᠠᠭᠠᠰᠢᠬᠢ | ᠬᠠᠮᠤᠭ ᠤᠨ ᠰᠠᠶᠢᠨ ᠪᠠᠶᠢᠷᠢ ᠳᠤ ᠲᠣᠳᠣᠷᠠᠨ᠂ ᠬᠥᠮᠥᠨ ᠳᠤᠮᠳᠠᠴᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 10 ᠲᠦᠮᠡᠨ ᠲᠥᠭᠦᠷᠢᠭ ᠢ | ᠳᠠᠪᠠᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ 7.4% ᠨᠡᠮᠡᠭᠳᠡᠵᠦ᠂ ᠪᠦᠭᠦ ᠤᠯᠤᠰ ᠤᠨ ᠳᠣᠯᠣᠳᠤᠭᠠᠷ ᠲᠤ ᠪᠠᠶᠢᠷᠢᠰᠢᠪᠠ | ︔ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ 19.8% ᠨᠡᠮᠡᠭᠳᠡᠵᠦ᠂ ᠪᠦᠭᠦ ᠤᠯᠤᠰ ᠤᠨ ᠬᠤᠶᠠᠳᠤᠭᠠᠷ ᠲᠤ ᠪᠠᠶᠢᠷᠢᠰᠢᠪᠠ︔ ᠭᠠᠳᠠᠭᠠᠳᠤ ᠠᠷᠠᠯᠵᠢᠶᠠᠨ ᠤ | ᠣᠷᠣᠭᠤᠯᠵᠤ ᠭᠠᠷᠭᠠᠭᠰᠠᠨ ᠶᠡᠷᠦᠩᠬᠡᠢ ᠲᠤᠭ᠎ᠠ 30.4% ᠨᠡᠮᠡᠭᠳᠡᠵᠦ᠂ ᠪᠦᠭᠦ ᠤᠯᠤᠰ ᠤᠨ ᠭᠤᠷᠪᠠᠳᠤᠭᠠᠷ ᠲᠤ ᠪᠠᠶᠢᠷᠢᠰᠢᠪᠠ᠃ ᠡᠨᠡ ᠨᠢ ᠥᠪᠥᠷ ᠮᠣᠩᠭᠤᠯ ᠤᠨ | ᠬᠥᠭᠵᠢᠯᠲᠡ ᠶᠢᠨ ᠲᠤᠬᠠᠢ ᠥᠷᠭᠡᠨ ᠤᠯᠡᠨ ᠺᠠᠳ᠋ᠷ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠢᠲᠡᠭᠡᠯ ᠵᠣᠷᠢᠭ ᠢ ᠲᠦᠢᠯ ᠤᠨ ᠶᠡᠭᠡ ᠪᠠᠷ ᠨᠡᠮᠡᠭᠳᠡᠭᠦᠯᠪᠡ᠃ | — ᠤᠯᠤᠰ ᠤᠨ ᠡᠨᠧᠷᠭᠢ ᠪᠠ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠮᠡᠳᠡᠭᠳᠡᠬᠦ᠋ᠢᠴᠡ ᠴᠢᠩᠭᠠᠷᠠᠪᠠ᠃ ᠨᠡᠭᠦᠷᠡᠰᠦᠨ ᠤ ᠭᠠᠷᠤᠯᠲᠠ | 12.2 ᠳ᠋ᠦᠩᠰᠢᠭᠤᠷ ᠲᠣᠨ ᠳᠤ ᠬᠦᠷᠴᠦ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠪᠠᠨ 9.45 ᠳ᠋ᠦᠩᠰᠢᠭᠤᠷ ᠲᠣᠨ ᠪᠡᠶᠡᠯᠡᠭᠦᠯᠪᠡ᠂ ᠴᠠᠬᠢᠯᠭᠠᠨ | ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ 2 ᠳ᠋ᠦᠩᠰᠢᠭᠤᠷ ᠺᠢᠯᠣᠸᠠᠲ ᠢ ᠳᠠᠪᠠᠵᠤ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠬᠡᠮᠵᠢᠶ᠎ᠡ ᠵᠢᠴᠢ ᠭᠠᠳᠠᠭᠰᠢ | ᠲᠡᠭᠡᠭᠡᠪᠦᠷᠢᠯᠡᠬᠦ ᠬᠡᠮᠵᠢᠶ᠎ᠡ᠂ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠵᠢᠴᠢ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠰᠢᠨ᠎ᠡ | ᠡᠨᠧᠷᠬᠢ ᠶᠢᠨ ᠶᠡᠷᠦᠩᠬᠡᠢ ᠮᠠᠰᠢᠨ ᠴᠣᠭᠴᠠᠯᠠᠪᠤᠷᠢ ᠵᠢᠴᠢ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠴᠠᠬᠢᠯᠭᠠᠨ ᠭᠠᠷᠭᠠᠬᠤ ᠶᠡᠷᠦᠩᠬᠡᠢ ᠬᠡᠮᠵᠢᠶ᠎ᠡ ᠵᠢᠴᠢ | ᠭᠠᠳᠠᠭᠰᠢ ᠴᠠᠬᠢᠯᠭᠠᠨ ᠳᠠᠮᠵᠢᠭᠤᠯᠬᠤ ᠬᠡᠮᠵᠢᠶ᠎ᠡ᠂ ᠰᠢᠨ᠎ᠡ ᠡᠨᠧᠷᠬᠢ ᠪᠠᠷ ᠴᠠᠬᠢᠯᠭᠠᠨ ᠭᠠᠷᠭᠠᠬᠤ ᠬᠡᠮᠵᠢᠶ᠎ᠡ᠂ ᠨᠡᠭᠦᠷᠡᠰᠦ ᠪᠠᠷ ᠰᠢᠲᠠᠮᠠᠬᠠᠢ ᠬᠡᠢ ᠦᠢᠯᠡᠳᠬᠦ | ᠦᠢᠯᠡᠳᠪᠦᠷᠢᠯᠡᠯ ᠤᠨ ᠴᠢᠳᠠᠮᠵᠢ ︽ᠠᠷᠪᠠᠨ ᠲᠠᠯ᠎ᠠ ᠪᠠᠷ ᠪᠦᠭᠦ ᠤᠯᠤᠰ ᠲᠤ ᠮᠠᠩᠯᠠᠶᠢᠯᠠᠬᠤ︾ ᠶᠢ ᠪᠡᠶᠡᠯᠡᠭᠦᠯᠵᠦ᠂ 29 ᠮᠤᠵᠢ ᠶᠢᠨ ᠡᠨᠧᠷᠬᠢ ᠶᠢᠨ ᠬᠡᠷᠡᠭᠴᠡᠭᠡ | ᠱᠠᠭᠠᠷᠳᠠᠯᠭ᠎ᠠ ᠶᠢ ᠪᠠᠲᠤᠯᠠᠪᠠ᠃ ᠠᠮᠤ ᠪᠤᠳᠠᠭ᠎ᠠ ᠳᠠᠷᠢᠭᠰᠠᠨ ᠲᠠᠯᠠᠪᠠᠢ᠂ ᠨᠢᠭᠡᠴᠢ ᠶᠢᠨ ᠤᠨᠠᠯᠲᠠ᠂ ᠶᠡᠷᠦᠩᠬᠡᠢ ᠤᠨᠠᠯᠲᠠ ︽ᠭᠤᠷᠪᠠ ᠶᠢ ᠨᠡᠮᠡᠭᠳᠡᠭᠦᠯᠵᠦ︾᠂ ᠠᠮᠤ | ᠪᠤᠳᠠᠭᠠᠨ ᠤ ᠤᠨᠠᠯᠲᠠ 791.6 ᠳ᠋ᠦᠩᠰᠢᠭᠤᠷ ᠵᠢᠩ ᠳᠤ ᠬᠦᠷᠴᠦ᠂ ᠬᠤᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ ᠶᠢ ᠪᠡᠶᠡᠯᠡᠭᠦᠯᠦᠨ᠂ ᠪᠦᠭᠦ ᠤᠯᠤᠰ ᠤᠨ | ᠵᠢᠷᠭᠤᠳᠤᠭᠠᠷ ᠪᠠᠶᠢᠷᠢ ᠪᠠᠨ ᠯᠠᠪᠳᠠᠭᠤᠨ ᠪᠠᠲᠤᠯᠠᠪᠠ᠂ ᠭᠤᠣᠯ ᠪᠣᠯᠬᠤ ᠮᠢᠬᠠᠨ ᠤ ᠲᠦᠷᠦᠯ ᠤᠨ ᠭᠠᠷᠤᠯᠲᠠ 285.4 ᠲᠦᠮᠡᠨ ᠲᠣᠨ᠂ ᠦᠨᠢᠶᠡᠨ ᠰᠦ ᠶᠢᠨ | ᠭᠠᠷᠤᠯᠲᠠ 792.6 ᠲᠦᠮᠡᠨ ᠲᠣᠨ ᠳᠤ ᠬᠦᠷᠴᠦ᠂ ᠴᠥᠮ ᠲᠡᠦᠬᠡ ᠶᠢᠨ ᠰᠢᠨ᠎ᠡ ᠲᠦᠪᠰᠢᠨ ᠳᠤ ᠬᠦᠷᠪᠡ᠃ ᠡᠨᠡ ᠨᠢ ᠥᠪᠥᠷ ᠮᠣᠩᠭᠤᠯ ᠤᠨ ᠤᠯᠤᠰ ᠤᠨ ᠶᠡᠭᠡ | ᠲᠠᠯ᠎ᠠ ᠶᠢ ᠪᠠᠲᠤᠯᠠᠬᠤ ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠢᠯᠡᠷᠡᠭᠦᠯᠪᠡ᠃ | — ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠪᠦᠭᠦ ᠲᠠᠯ᠎ᠠ ᠪᠠᠷ ᠡᠬᠢᠯᠡᠭᠦᠯᠪᠡ᠃ ᠪᠢᠳᠡ | ᠶᠡᠷᠦᠩᠬᠡᠢ ᠱᠦᠵᠢ ᠰᠢ ᠶᠢᠨ ᠫᠢᠩ ᠤᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠤ ᠲᠤᠬᠠᠢ ᠵᠠᠷᠯᠢᠭ | ᠵᠢᠭᠠᠪᠤᠷᠢ ᠶᠢ ᠴᠤᠤᠷᠢᠶᠠᠲᠤᠨ ᠳᠠᠭᠠᠵᠤ᠂ ᠭᠤᠣᠯᠯᠠᠨ ᠲᠠᠭᠠᠷᠢᠵᠦ ᠭᠤᠣᠯ ᠬᠦᠴᠦᠨ ᠪᠣᠯᠵᠤ᠂ ᠦᠳᠲᠡᠷ ᠲᠦᠷᠭᠡᠨ ᠬᠥᠳᠡᠯᠦᠯᠴᠡᠵᠦ᠂ ︽ᠨᠢᠭᠡ ᠲᠥᠯᠦᠪᠵᠢᠭᠦᠯᠭᠡ | ᠭᠤᠷᠪᠠᠨ ᠲᠥᠰᠥᠯ︾ ᠢ ᠨᠠᠶᠢᠷᠠᠭᠤᠯᠤᠨ ᠵᠣᠬᠢᠶᠠᠵᠤ ᠳᠠᠭᠤᠰᠬᠠᠨ᠂ 5 ᠵᠠᠰᠠᠯᠲᠠ ᠶᠢᠨ ᠣᠷᠣᠨ ᠪᠠ 11 ᠴᠢᠬᠤᠯᠠ ᠶᠡᠭᠡ ᠲᠦᠷᠦᠯ ᠵᠦᠢᠯ ᠪᠦᠭᠦᠨ ᠢ ᠤᠯᠤᠰ ᠤᠨ | ᠲᠥᠯᠦᠪᠵᠢᠭᠦᠯᠭᠡ ᠳᠤ ᠤᠷᠤᠭᠤᠯᠬᠤ ᠶᠢ ᠠᠬᠢᠭᠤᠯᠵᠤ᠂ ᠬᠤᠰᠢᠭᠤ ᠰᠢᠶᠠᠨ ᠪᠦᠭᠦᠨ ᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠤᠨ᠂ ᠭᠤᠷᠪᠠᠨ ᠲᠣᠮᠣ ᠪᠡᠯᠭᠡ | ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤᠷᠤᠭᠰᠢᠲᠠᠢ ᠡᠬᠢᠯᠡᠵᠦ᠂ ᠪᠦᠭᠦ ᠵᠢᠯ ᠳᠤ 556 ᠲᠦᠮᠡᠨ ᠮᠦ ᠣᠶᠢᠵᠢᠭᠤᠯᠤᠨ᠂ 1817 ᠲᠦᠮᠡᠨ ᠮᠦ ᠡᠪᠡᠰᠦ ᠲᠠᠷᠢᠵᠤ᠂ | 950 ᠲᠦᠮᠡᠨ ᠮᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ ᠲᠤᠰ ᠪᠦᠷᠢ ᠣᠨ ᠤ ᠡᠭᠦᠷᠭᠡ ᠪᠠᠨ 149%᠂ 140%᠂ 151% ᠪᠠᠷ | ᠪᠡᠶᠡᠯᠡᠭᠦᠯᠪᠡ᠃ ᠡᠨᠡ ᠨᠢ ᠨᠠᠮ ᠤᠨ ᠲᠥᠪ ᠬᠤᠷᠢᠶ᠎ᠠ ᠪᠠᠶᠢᠷᠢᠯᠠᠭᠤᠯᠤᠯᠲᠠ ᠬᠢᠭᠰᠡᠭᠡᠷ ᠥᠪᠥᠷ ᠮᠣᠩᠭᠤᠯ ᠪᠣᠳᠠᠲᠠᠢ ᠠᠵᠢᠯᠯᠠᠭ᠎ᠠ ᠠᠪᠳᠠᠭ ᠳᠡᠭᠡᠳᠦ ᠬᠡᠮᠵᠢᠶᠡᠨ ᠤ ᠤᠯᠤᠰ | ᠲᠦᠷᠦ ᠶᠢᠨ ᠤᠬᠠᠮᠰᠠᠷ ᠢ ᠭᠦᠢᠴᠡᠳ ᠬᠠᠷᠠᠭᠤᠯᠪᠠ᠃ | — ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠤᠯᠠᠮ ᠨᠢᠭᠡ ᠠᠯᠬᠤᠮ ᠰᠠᠶᠢᠵᠢᠷᠠᠪᠠ᠃ ᠨᠡᠭᠦᠷᠡᠰᠦᠨ ᠤ ᠠᠵᠤ ᠦᠢᠯᠡᠰ ᠵᠥᠪᠬᠡᠨ 1.4% | ᠨᠡᠮᠡᠭᠳᠡᠭᠰᠡᠨ ᠪᠣᠯᠪᠠᠴᠤ ᠨᠡᠭᠦᠷᠡᠰᠦᠨ ᠤ ᠪᠤᠰᠤ ᠠᠵᠤ ᠦᠢᠯᠡᠰ ᠦᠳᠲᠡᠷ ᠲᠦᠷᠭᠡᠨ ᠨᠡᠮᠡᠭᠳᠡᠨ 12.1% ᠳᠤ ᠬᠦᠷᠴᠦ᠂ ᠦᠢᠯᠡᠳᠬᠦ ᠦᠢᠯᠡᠰ᠂ ᠳᠡᠭᠡᠳᠦ | ᠮᠡᠷᠭᠡᠵᠢᠯ ᠤᠨ ᠦᠢᠯᠡᠳᠬᠦ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠵᠥᠭᠡᠯᠡᠨ ᠬᠡᠷᠡᠭᠰᠡᠯ ᠪᠠ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ᠂ ᠴᠥᠮ | ᠬᠤᠶᠠᠷ ᠣᠷᠣᠨᠲᠤ ᠲᠣᠭᠠᠨ ᠤ ᠨᠡᠮᠡᠭᠳᠡᠯ ᠲᠠᠢ ᠪᠣᠯᠬᠤ ᠶᠢ ᠪᠡᠶᠡᠯᠡᠭᠦᠯᠪᠡ᠃ ᠠᠵᠤ ᠦᠢᠯᠡᠳᠪᠦᠷᠢ ᠶᠢᠨ ᠪᠡᠯᠡ ᠣᠷᠤᠭᠤᠯᠤᠯᠲᠠ 32.9% ᠨᠡᠮᠡᠭᠳᠡᠨ᠂ ᠪᠦᠭᠦ | ᠤᠯᠤᠰ ᠤᠨ ᠬᠤᠶᠠᠳᠤᠭᠠᠷ ᠲᠤ ᠪᠠᠶᠢᠷᠢᠰᠢᠵᠤ᠂ ᠦᠢᠯᠡᠳᠬᠦ ᠦᠢᠯᠡᠰ ᠤᠨ ᠪᠡᠯᠡ ᠤᠷᠤᠭᠤᠯᠤᠯᠲᠠ 46.4% ᠨᠡᠮᠡᠭᠳᠡᠨ᠂ ᠰᠢᠨ᠎ᠡ ᠡᠨᠧᠷᠬᠢ ᠶᠢᠨ ᠲᠣᠨᠤᠭ | ᠲᠥᠬᠦᠭᠡᠷᠦᠮᠵᠢ ᠦᠢᠯᠡᠳᠬᠦ ᠦᠢᠯᠡᠰ ᠤᠨ ᠪᠡᠯᠡ ᠤᠷᠤᠭᠤᠯᠤᠯᠲᠠ 1.2 ᠲᠠᠬᠢᠨ ᠨᠡᠮᠡᠭᠳᠡᠪᠡ᠃ ᠡᠩ ᠤᠨ ᠤᠯᠠᠨ ᠨᠡᠶᠢᠳᠡ ᠶᠢᠨ ᠲᠥᠰᠥᠪ ᠤᠨ ᠣᠷᠣᠯᠭ᠎ᠠ 3000 | ᠳ᠋ᠦᠩᠰᠢᠭᠤᠷ ᠲᠥᠭᠦᠷᠢᠭ ᠢ ᠳᠠᠪᠠᠵᠤ᠂ ᠪᠦᠭᠦ ᠲᠥᠷᠥᠯᠵᠢᠯ ᠤᠨ ᠭᠠᠶᠢᠯᠢ ᠲᠠᠲᠠᠪᠤᠷᠢ ᠳᠠᠬᠢ ᠣᠷᠣᠨ ᠨᠤᠲᠤᠭ ᠤᠨ ᠲᠥᠷᠥᠯᠵᠢᠯ ᠤᠨ ᠭᠠᠶᠢᠯᠢ ᠲᠠᠲᠠᠪᠤᠷᠢ ᠶᠢᠨ ᠡᠵᠡᠯᠡᠬᠦ | ᠬᠠᠷᠢᠴᠠᠯ ᠨᠢ 59.4% ᠳᠤ ᠬᠦᠷᠴᠦ᠂ ᠪᠦᠭᠦ ᠤᠯᠤᠰ ᠤᠨ ᠲᠡᠷᠢᠭᠦᠨ ᠳᠤ ᠪᠠᠶᠢᠷᠢᠰᠢᠪᠠ᠃ ᠡᠨᠡ ᠨᠢ ᠥᠪᠥᠷ ᠮᠣᠩᠭᠤᠯ ᠤᠨ ᠪᠦᠲᠦᠴᠡ ᠪᠠᠨ ᠲᠣᠬᠢᠷᠠᠭᠤᠯᠬᠤ᠂ | ᠬᠥᠳᠡᠯᠭᠡᠭᠴᠢ ᠴᠢᠳᠠᠪᠤᠷᠢ ᠪᠠᠨ ᠬᠤᠪᠢᠷᠠᠭᠤᠯᠬᠤ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠲᠠᠯ᠎ᠠ ᠳᠤ ᠢᠳᠡᠷᠡᠭᠦᠨ ᠠᠯᠬᠤᠭ᠎ᠠ ᠠᠯᠬᠤᠭᠰᠠᠨ ᠢ ᠲᠤᠰᠬᠠᠪᠠ᠃ | — ᠡᠯ᠎ᠡ ᠠᠶᠢᠮᠠᠭ ᠬᠤᠲᠠ ᠠᠳᠠᠯᠢᠳᠬᠠᠨ ᠰᠤᠷᠴᠤ ᠭᠦᠢᠴᠡᠨ ᠳᠠᠪᠠᠭ᠋ᠤ ᠪᠠᠷ ᠮᠡᠷᠡᠶᠢᠨ ᠲᠡᠮᠡᠴᠡᠵᠦ ᠬᠥᠭᠵᠢᠪᠡ᠃ ᠭᠦᠬᠡᠬᠤᠲᠠ ᠪᠠ ᠪᠤᠭᠤᠲᠤ ᠬᠤᠲᠠ ᠶᠢᠨ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠴᠥᠮ 10% ᠠᠴᠠ ᠳᠡᠭᠡᠭᠰᠢ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠴᠥᠮ 20% ᠠᠴᠠ ᠳᠡᠭᠡᠭᠰᠢ ᠨᠡᠮᠡᠭᠳᠡᠨ᠂ 7 ᠠᠶᠢᠮᠠᠭ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ | ᠤᠷᠤᠭᠤᠯᠤᠯᠲᠠ ᠶᠢᠨ ᠨᠡᠮᠡᠭᠳᠡᠯ ᠤᠨ ᠬᠤᠷᠳᠤᠴᠠ 20% ᠶᠢ ᠳᠠᠪᠠᠵᠤ᠂ ᠣᠷᠳᠣᠰ ᠬᠤᠲᠠ 27.4% ᠳᠤ ᠬᠦᠷᠪᠡ᠃ ᠰᠢᠯᠢ ᠶᠢᠨ ᠭᠤᠣᠯ ᠠᠶᠢᠮᠠᠭ ᠤᠨ ᠰᠢᠨ᠎ᠡ | ᠡᠨᠧᠷᠬᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠪᠠ ᠴᠠᠬᠢᠯᠭᠠᠨ ᠭᠠᠷᠭᠠᠭᠰᠠᠨ ᠬᠡᠮᠵᠢᠶ᠎ᠡ ᠴᠥᠮ ᠪᠦᠭᠦ ᠤᠯᠤᠰ ᠤᠨ ᠲᠤᠰᠬᠠᠢ ᠣᠷᠣᠨ᠂ ᠬᠤᠲᠠ ᠶᠢᠨ ᠲᠡᠰ ᠤᠨ | ᠬᠤᠶᠠᠳᠤᠭᠠᠷ ᠲᠤ ᠪᠠᠶᠢᠷᠢᠰᠢᠵᠤ᠂ ᠤᠯᠠᠭᠠᠨᠴᠠᠪ ᠬᠤᠲᠠ ᠶᠢᠨ ᠬᠠᠶᠢᠯᠤᠰᠢ ᠶᠢᠨ ᠮᠠᠲ᠋ᠧᠷᠢᠶᠠᠯ᠂ ᠪᠢᠯᠢᠭ ᠲᠦᠢᠯ ᠤᠨ ᠮᠠᠲ᠋ᠧᠷᠢᠶᠠᠯ ᠪᠠ ᠲᠥᠮᠥᠰᠥᠨ ᠤ ᠵᠦᠰᠦᠮ | ᠦᠢᠯᠡᠳᠪᠦᠷᠢᠯᠡᠬᠦ ᠴᠢᠳᠠᠮᠵᠢ ᠴᠥᠮ ᠪᠦᠭᠦ ᠤᠯᠤᠰ ᠲᠤ ᠲᠦᠷᠦᠭᠦᠯᠡᠵᠦ᠂ ᠠᠯᠠᠱᠠ ᠠᠶᠢᠮᠠᠭ ᠪᠦᠭᠦ ᠤᠯᠤᠰ ᠤᠨ ᠬᠠᠮᠤᠭ ᠤᠨ ᠶᠡᠭᠡ ᠳᠠᠩ ᠴᠣᠭᠴᠠ ᠶᠢᠨ | ᠦᠢᠯᠡᠳᠪᠦᠷᠢᠯᠡᠬᠦ ᠬᠡᠮᠵᠢᠶ᠎ᠡ ᠲᠠᠢ ᠴᠡᠪᠡᠷ ᠬᠤᠵᠢᠷ ᠤᠨ ᠲᠦᠷᠦᠯ ᠵᠦᠢᠯ ᠢ ᠪᠠᠶᠢᠭᠤᠯᠪᠠ᠃ ᠡᠨᠡ ᠨᠢ ᠥᠪᠥᠷ ᠮᠣᠩᠭᠤᠯ ᠤᠨ ᠲᠡᠷᠢᠭᠦᠨ ᠤ ᠬᠢ ᠲᠠᠢ ᠪᠠᠷᠢᠮᠵᠢᠶᠠᠯᠠᠨ | ᠬᠠᠷᠭᠤᠭᠤᠯᠵᠤ᠂ ᠲᠡᠷᠢᠭᠦᠨ ᠢ ᠲᠡᠮᠡᠴᠡᠨ ᠲᠡᠰ ᠳᠡᠪᠰᠢᠬᠦ ᠡᠷᠴᠢ ᠵᠣᠷᠢᠭ ᠤᠯᠠᠮ ᠠᠴᠠ ᠤᠯᠠᠮ ᠴᠢᠩᠭᠠᠷᠠᠵᠤ ᠪᠠᠶᠢᠭ᠎ᠠ ᠶᠢ ᠬᠠᠷᠠᠭᠤᠯᠪᠠ᠃ | |