11 ᠰᠠᠷ᠎ᠠ ᠶᠢᠨ 10 ᠤ ᠡᠳᠦᠷ᠂ ᠬᠥᠯᠥᠨ ᠪᠤᠶᠢᠷ ᠬᠤᠲᠠ ᠶᠢᠨ ᠮᠥᠰᠥ ᠴᠠᠰᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠲᠠ ᠶᠢᠨ | ᠬᠡᠪᠴᠢᠶᠡᠨ ᠳᠠᠬᠢ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠬᠤᠯᠪᠣᠭᠠᠲᠤ ᠴᠣᠭᠴᠠ ᠪᠠᠶᠢᠭᠤᠯᠤᠭᠳᠠᠬᠤ ᠶᠡᠭᠡ ᠬᠤᠷᠠᠯ ᠵᠢᠴᠢ ᠮᠥᠰᠥ ᠴᠠᠰᠤᠨ ᠤ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠵᠠᠯᠠᠨ ᠠᠶᠢᠯ ᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ᠂ ᠬᠥᠯᠥᠨ ᠪᠤᠶᠢᠷ | ᠬᠤᠲᠠ ᠶᠢᠨ ᠳᠡᠳ᠋ ᠳᠠᠷᠤᠭ᠎ᠠ ᠰᠦᠨ ᠸᠧᠢ ᠵᠢᠴᠢ ᠬᠠᠮᠢᠶ᠎ᠠ ᠪᠦᠬᠦᠢ ᠬᠤᠯᠪᠣᠭᠠᠲᠤ ᠴᠣᠭᠴᠠ ᠶᠢᠨ ᠪᠦᠷᠢᠯᠳᠦᠭᠦᠨ᠂ ᠬᠠᠮᠲᠤᠷᠠᠯᠴᠠᠭᠠᠨ ᠤ ᠨᠢᠭᠡᠴᠢ ᠶᠢᠨ | ᠬᠠᠷᠢᠭᠤᠴᠠᠯᠭᠠᠲᠠᠨ᠂ ᠬᠤᠲᠠ ᠶᠢᠨ ᠰᠢᠭᠤᠳ ᠬᠠᠷᠢᠶ᠎ᠠ ᠪᠠ ᠡᠯ᠎ᠡ ᠬᠤᠰᠢᠭᠤ ᠬᠤᠲᠠ ᠲᠣᠭᠤᠷᠢᠭ ᠤᠨ ᠬᠠᠮᠢᠶ᠎ᠠ ᠪᠦᠬᠦᠢ ᠬᠥᠮᠥᠰ ᠬᠤᠷᠠᠯ ᠳᠤ ᠣᠷᠣᠯᠴᠠᠵᠠᠢ᠃ | ᠵᠠᠩ ᠵᠢᠶᠦ᠋ᠨ ᠰᠢ᠂ ᠬᠥᠯᠥᠨ ᠪᠤᠶᠢᠷ ᠬᠤᠳᠠ ᠶᠢᠨ ᠮᠥᠰᠥ ᠴᠠᠰᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠳᠠ ᠶᠢᠨ ᠬᠡᠪᠴᠢᠶᠡᠨ ᠤ | ᠦᠢᠯᠡᠳᠪᠦᠷᠢᠯᠡᠯ ᠵᠢᠭᠠᠨ ᠰᠤᠷᠭᠠᠯᠲᠠ ᠶᠢᠨ ᠬᠤᠯᠪᠣᠭᠠᠲᠤ ᠴᠣᠭᠴᠠ ᠶᠢᠨ ᠪᠠᠶᠢᠭᠤᠯᠤᠭᠳᠠᠭᠰᠠᠨ ᠨᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠪᠣᠯᠣᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠢ ᠬᠠᠮᠲᠤᠷᠠᠨ ᠬᠥᠭᠵᠢᠭᠦᠯᠵᠦ᠂ ᠬᠠᠷᠢᠯᠴᠠᠨ ᠠᠬᠢᠭᠤᠯᠬᠤ ᠵᠣᠷᠢᠭᠲᠠᠢ ᠲᠤᠷᠰᠢᠯᠲᠠ ᠪᠣᠯᠬᠤ ᠪᠠᠷ ᠪᠠᠷᠠᠬᠤ ᠦᠭᠡᠢ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠪᠦᠭᠡᠳ ᠨᠡᠩ ᠴᠤ | ︽ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠴᠢᠨᠠᠷ ᠰᠠᠶᠢᠲᠠᠢ ᠬᠥᠭᠵᠢᠯᠲᠡ ᠪᠠᠷ ᠮᠥᠰᠥ ᠴᠠᠰᠤᠨ ᠤ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ | ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ ᠤᠳ︾ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠣᠳᠠᠲᠠᠢ ᠢᠯᠡᠷᠡᠯ ᠪᠠᠶᠢᠵᠤ᠂ | ᠪᠦᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠣᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠬᠦ ᠨᠢ ᠯᠠᠪᠲᠠᠢ᠃ ᠬᠤᠯᠪᠣᠭᠠᠲᠤ ᠴᠣᠭᠴᠠ ᠨᠤᠭᠤᠳ ᠮᠥᠰᠥ ᠴᠠᠰᠤᠨ ᠤ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠲᠤᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ | ᠤᠯᠠᠷᠢᠭᠤᠯᠬᠤ ᠶᠢ ᠴᠢᠬᠤᠯᠠᠴᠢᠯᠠᠨ᠎ᠠ᠃ ᠵᠠᠰᠠᠭ ᠤᠨ ᠣᠷᠳᠣᠨ ᠬᠥᠲᠥᠯᠥᠨ ᠵᠢᠯᠣᠭᠤᠳᠤᠭᠰᠠᠨ᠂ ᠵᠠᠬ᠎ᠠ ᠳᠡᠯᠭᠡᠭᠦᠷ ᠢᠶᠠᠷ ᠬᠥᠳᠡᠯᠭᠡᠭᠦᠷ ᠪᠣᠯᠭᠠᠭᠰᠠᠨ᠂ ᠦᠢᠯᠡᠳᠪᠦᠷᠢᠯᠡᠬᠦ | ᠵᠢᠭᠠᠬᠤ ᠰᠤᠳᠤᠯᠬᠤ ᠬᠡᠷᠡᠭᠯᠡᠬᠦ ᠶᠢ ᠨᠢᠭᠲᠠ ᠤᠶᠠᠯᠳᠤᠭᠤᠯᠤᠭᠰᠠᠨ ᠬᠥᠭᠵᠢᠯᠲᠡ ᠶᠢᠨ ᠲᠣᠭᠲᠠᠴᠠ ᠶᠢ ᠪᠠᠶᠢᠭᠤᠯᠵᠤ᠂ ᠣᠨᠴᠠᠯᠢᠭ ᠢᠶᠠᠷ ᠢᠯᠡ ᠲᠣᠳᠣ᠂ ᠴᠢᠨᠠᠷ ᠰᠠᠶᠢᠲᠠᠢ | ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠤᠨ᠂ ᠮᠥᠰᠥ ᠴᠠᠰᠤᠨ ᠤ ᠡᠬᠢ ᠪᠠᠶᠠᠯᠢᠭ ᠤᠨ ᠳᠠᠪᠠᠭᠤᠯᠢᠭ ᠢ ᠠᠵᠤ | ᠦᠢᠯᠡᠰ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃ ᠰᠢᠨ᠎ᠡ ᠶᠢ ᠡᠭᠦᠳᠬᠦ ᠪᠠ ᠦᠢᠯᠡᠴᠢᠯᠡᠬᠦ ᠬᠤᠶᠠᠷ ᠭᠤᠣᠯᠳᠠᠯᠭ᠎ᠠ ᠶᠢᠨ ᠲᠣᠭᠤᠷᠢᠨ ᠳᠤ᠂ | ᠮᠥᠰᠥ ᠴᠠᠰᠤᠨ ᠤ ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠢ ᠬᠠᠶᠢᠨ ᠰᠦᠪᠡᠭᠴᠢᠯᠡᠵᠦ ᠳ᠋ᠦᠩᠨᠡᠬᠦ ᠪᠠ ᠰᠢᠨ᠎ᠡ ᠶᠢ ᠡᠭᠦᠳᠴᠦ᠂ ᠮᠥᠰᠥ ᠴᠠᠰᠤᠨ ᠤ ᠲᠠᠮᠢᠷ ᠤᠨ | ᠬᠥᠳᠡᠯᠭᠡᠭᠡᠨ ᠤ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠣᠯᠠᠨ ᠤ ᠣᠯᠠᠨ ᠶᠠᠩᠵᠤᠴᠢᠯᠠᠭᠰᠠᠨ ᠮᠥᠰᠥ ᠴᠠᠰᠤᠨ ᠤ | ᠲᠠᠮᠢᠷ ᠤᠨ ᠬᠥᠳᠡᠯᠭᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ ᠭᠡᠵᠦ ᠵᠢᠭᠠᠵᠤ ᠭᠠᠷᠭᠠᠪᠠ᠃ | ᠬᠤᠷᠠᠯ ᠳᠡᠭᠡᠷ᠎ᠡ᠂ ︽ᠬᠥᠯᠥᠨ ᠪᠤᠶᠢᠷ ᠬᠤᠲᠠ ᠶᠢᠨ ᠮᠥᠰᠥ ᠴᠠᠰᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠲᠠ ᠶᠢᠨ ᠬᠡᠪᠴᠢᠶᠡᠨ ᠤ | ᠦᠢᠯᠡᠳᠪᠦᠷᠢᠯᠡᠯ ᠵᠢᠭᠠᠨ ᠰᠤᠷᠭᠠᠯᠲᠠ ᠶᠢᠨ ᠬᠤᠯᠪᠣᠭᠠᠲᠤ ᠴᠣᠭᠴᠠ ᠶᠢᠨ ᠳᠦᠷᠢᠮ︾ ᠵᠢᠴᠢ ᠬᠡᠷᠡᠭ ᠡᠷᠬᠢᠯᠡᠭᠴᠢᠳ ᠤᠨ ᠬᠤᠷᠠᠯ ᠤᠨ ᠪᠦᠷᠢᠯᠳᠦᠭᠦᠨ ᠤ ᠨᠡᠷᠡᠰ ᠢ | ᠤᠩᠰᠢᠨ ᠨᠡᠶᠢᠲᠡᠯᠡᠵᠦ᠂ ᠬᠤᠲᠠ ᠶᠢᠨ ᠬᠡᠪᠴᠢᠶᠡᠨ ᠤ ᠳᠣᠲᠣᠷ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ ᠪᠠ ᠠᠵᠤ ᠠᠬᠤᠶᠢᠯᠠᠯ ᠤᠨ ᠲᠥᠯᠥᠭᠡᠯᠡᠭᠴᠢ ᠰᠠᠨᠠᠯ ᠢᠶᠠᠨ | ᠰᠣᠯᠢᠯᠴᠠᠬᠤ ᠦᠭᠡ ᠬᠡᠯᠡᠵᠦ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠬᠥᠯᠥᠨ ᠪᠤᠶᠢᠷ ᠬᠤᠲᠠ ᠶᠢᠨ ᠮᠥᠰᠥ ᠴᠠᠰᠤᠨ ᠤ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠤᠲᠠ ᠶᠢᠨ ᠬᠡᠪᠴᠢᠶᠡᠨ ᠤ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠬᠤᠯᠪᠣᠭᠠᠲᠤ ᠴᠣᠭᠴᠠ ᠶᠢᠨ ᠫᠠᠶᠢᠰᠠ ᠶᠢ ᠰᠡᠬᠦᠪᠡ᠃ | ᠵᠠᠯᠭᠠᠭᠠᠳ᠂ ᠬᠥᠯᠥᠨ ᠪᠤᠶᠢᠷ ᠬᠤᠲᠠ ᠶᠢᠨ ᠮᠥᠰᠥ ᠴᠠᠰᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠲᠠ ᠶᠢᠨ ᠬᠡᠪᠴᠢᠶᠡᠨ ᠤ ᠠᠵᠤ ᠦᠢᠯᠡᠰ | ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ ᠠᠴᠠ ᠪᠥᠬᠦ ᠬᠤᠲᠠ ᠶᠢᠨ ᠮᠥᠰᠥ ᠴᠠᠰᠤᠨ ᠤ ᠳᠠᠪᠠᠭᠤᠯᠢᠭ ᠠᠵᠤ ᠦᠢᠯᠡᠰ ᠪᠠ ᠰᠤᠷᠭᠠᠨ ᠬᠥᠮᠦᠵᠢᠯ ᠤᠨ ᠡᠬᠢ | ᠪᠠᠶᠠᠯᠢᠭ ᠲᠠᠢ ᠭᠤᠣᠯᠳᠠᠯᠭ᠎ᠠ ᠲᠠᠢ ᠤᠶᠠᠯᠳᠤᠭᠤᠯᠤᠨ᠎ᠠ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠪᠠᠷ ᠭᠤᠣᠯᠳᠠᠯᠭ᠎ᠠ ᠪᠣᠯᠭᠠᠨ᠎ᠠ᠂ ᠴᠢᠳᠠᠪᠤᠷᠢᠲᠠᠨ ᠢ | ᠬᠥᠮᠥᠵᠢᠭᠦᠯᠬᠦ ᠵᠠᠭᠪᠤᠷ ᠤᠨ ᠰᠢᠨ᠎ᠡ ᠶᠢ ᠡᠭᠦᠳᠬᠦ ᠪᠠᠷ ᠭᠤᠣᠯ ᠪᠣᠯᠭᠠᠬᠤ᠂ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠪᠠᠷ ᠵᠣᠷᠢᠯᠲᠠ ᠪᠣᠯᠭᠠᠨ᠎ᠠ᠂ ᠪᠣᠳᠠᠲᠤ | ᠴᠣᠭᠴᠠᠵᠢᠭᠤᠯᠤᠭᠰᠠᠨ ᠠᠵᠢᠯᠯᠠᠭᠠᠨ ᠤ ᠮᠥᠰᠥ ᠴᠠᠰᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠲᠠ ᠶᠢᠨ ᠬᠡᠪᠴᠢᠶᠡᠨ ᠤ ᠦᠢᠯᠡᠳᠪᠦᠷᠢᠯᠡᠯ ᠵᠢᠭᠠᠨ | ᠰᠤᠷᠭᠠᠯᠲᠠ ᠶᠢᠨ ᠬᠤᠯᠪᠣᠭᠠᠲᠤ ᠴᠣᠭᠴᠠ ᠶᠢᠨ ᠰᠢᠨ᠎ᠡ ᠶᠢ ᠡᠭᠦᠳᠦᠨ ᠪᠠᠶᠢᠭᠤᠯᠤᠨ᠎ᠠ᠂ ᠵᠢᠭᠠᠨ ᠰᠤᠷᠭᠠᠯᠲᠠ ᠪᠠᠷ ᠦᠢᠯᠡᠳᠪᠦᠷᠢᠯᠡᠯ ᠢ ᠠᠬᠢᠭᠤᠯᠬᠤ᠂ | ᠦᠢᠯᠡᠳᠪᠦᠷᠢᠯᠡᠯ ᠢᠶᠠᠷ ᠵᠢᠭᠠᠨ ᠰᠤᠷᠭᠠᠯᠲᠠ ᠶᠢ ᠲᠤᠰᠠᠯᠠᠬᠤ᠂ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ ᠦᠢᠯᠡᠳᠪᠦᠷᠢᠯᠡᠯ ᠵᠢᠭᠠᠨ | ᠰᠤᠷᠭᠠᠯᠲᠠ ᠶᠢᠨ ᠬᠠᠮᠲᠤᠷᠠᠯᠴᠠᠭ᠎ᠠ᠂ ᠮᠡᠷᠭᠡᠵᠢᠯ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠂ | ᠮᠡᠷᠭᠡᠵᠢᠯ ᠤᠷ᠎ᠠ ᠮᠡᠷᠭᠡᠵᠢᠯ ᠤᠨ ᠴᠢᠳᠠᠪᠤᠷᠢᠲᠠᠨ ᠤ ᠬᠠᠩᠭᠠᠯᠭ᠎ᠠ ᠶᠢᠨ ᠪᠦᠲᠦᠴᠡ ᠪᠠ ᠪᠤᠶᠢᠵᠢᠯᠲᠠ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠂ ᠰᠤᠷᠭᠠᠨ | ᠬᠥᠮᠦᠵᠢᠯ ᠤᠨ ᠬᠡᠯᠬᠢᠶ᠎ᠡ ᠶᠢ ᠦᠷᠭᠦᠯᠵᠢᠯᠡᠨ ᠤᠷᠲᠤᠳᠬᠠᠨ᠎ᠠ᠂ ᠦᠢᠯᠡᠴᠢᠯᠡᠭᠡᠨ ᠤ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢ ᠲᠤᠯᠭᠠᠭᠤᠷᠢᠯᠠᠬᠤ᠂ | ᠴᠢᠳᠠᠪᠤᠷᠢᠲᠠᠨ ᠤ ᠬᠡᠯᠬᠢᠶ᠎ᠡ ᠶᠢ ᠪᠠᠶᠢᠭᠤᠯᠬᠤ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠬᠦ᠂ ᠵᠠᠬ᠎ᠠ ᠳᠡᠯᠭᠡᠭᠦᠷ ᠤᠨ ᠬᠡᠷᠡᠭᠴᠡᠭᠡ ᠲᠠᠢ ᠵᠣᠬᠢᠴᠠᠬᠤ ᠶᠢ ᠠᠬᠢᠭᠤᠯᠤᠨ᠎ᠠ᠂ | ᠠᠵᠤ ᠦᠢᠯᠡᠰ ᠤᠨ ᠪᠦᠲᠦᠴᠡ ᠬᠠᠷᠢᠯᠴᠠᠨ ᠵᠣᠬᠢᠴᠠᠭᠰᠠᠨ ᠣᠳᠣ ᠦᠶ᠎ᠡ ᠶᠢᠨ ᠮᠥᠰᠥ ᠴᠠᠰᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ᠂ | ᠬᠥᠯᠥᠨ ᠪᠤᠶᠢᠷ ᠬᠤᠲᠠ ᠶᠢᠨ ᠮᠥᠰᠥ ᠴᠠᠰᠤᠨ ᠤ ᠠᠵᠤ ᠦᠢᠯᠡᠰ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠳᠤ ᠦᠯᠡᠮᠵᠢ ᠣᠯᠠᠨ ᠥᠨᠳᠥᠷ ᠬᠡᠪ ᠴᠢᠨᠠᠷ ᠪᠠ | ᠲᠤᠰᠬᠠᠶᠢᠵᠢᠭᠰᠠᠨ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠢ ᠬᠥᠮᠥᠵᠢᠭᠦᠯᠦᠨ᠎ᠡ ᠭᠡᠵᠡᠢ᠃ | |