ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠠᠵᠢᠯᠯᠠᠭ᠎ᠠ ᠶᠢᠨ ᠪᠡᠯᠡᠳᠬᠡᠯ ᠠᠵᠢᠯ ᠤᠨ ᠠᠯᠪᠠᠨ ᠭᠡᠷ ᠤᠨ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/12
       11 ᠰᠠᠷ᠎ᠠ ᠶᠢᠨ 9 ᠤ ᠡᠳᠦᠷ᠂ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠠᠵᠢᠯᠯᠠᠭ᠎ᠠ ᠶᠢᠨ ᠪᠡᠯᠡᠳᠬᠡᠯ ᠠᠵᠢᠯ ᠤᠨ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠠᠵᠢᠯᠯᠠᠭ᠎ᠠ ᠶᠢᠨ ᠪᠡᠯᠡᠳᠬᠡᠯ ᠠᠵᠢᠯ ᠤᠨ ᠪᠦᠬᠦᠯᠢ ᠴᠣᠭᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠬᠤ᠋ ᠵᠣᠣ ᠮᠢᠨ ᠬᠤᠷᠠᠯ ᠢ ᠡᠷᠭᠢᠯᠡᠪᠡ᠃ ᠬᠤᠲᠠ ᠶᠢᠨ ᠤᠳᠤᠷᠢᠳᠤᠯᠭ᠎ᠠ ᠸᠠᠩ ᠮᠧᠩ ᠬᠤᠷᠠᠯ ᠳᠤ ᠣᠷᠣᠯᠴᠠᠪᠠ᠃       ᠵᠢᠢ ᠶᠦᠩ ᠴᠢᠶᠠᠨ᠂ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠤᠳᠠᠯ ᠦᠭᠡᠢ ᠶᠠᠪᠤᠭᠳᠠᠬᠤ ᠭᠡᠵᠦ ᠪᠠᠶᠢᠨ᠎ᠠ᠂ ᠡᠨᠡ ᠪᠣᠯ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠭᠰᠡᠨ ᠤ ᠳᠠᠷᠠᠭ᠎ᠠ᠂ ᠮᠠᠨ ᠤ ᠬᠤᠲᠠ ᠶᠢᠨ ᠳᠠᠬᠢᠨᠲᠠ ᠳᠠᠭᠠᠭᠠᠴᠢᠯᠠᠨ ᠡᠷᠬᠢᠯᠡᠬᠦ ᠨᠢᠭᠡᠨ ᠴᠢᠬᠤᠯᠠ ᠶᠡᠭᠡ ᠮᠥᠰᠥ ᠴᠠᠰᠤᠨ ᠤ ᠠᠵᠢᠯᠯᠠᠭ᠎ᠠ ᠪᠣᠯᠣᠨ᠎ᠠ᠂ ᠪᠢᠳᠡᠨ ᠳᠤ ᠠᠪᠴᠤ ᠬᠡᠯᠡᠪᠡᠯ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠥᠩᠭᠡ ᠬᠡᠷᠡᠯ ᠲᠠᠢ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠴᠢᠨᠠᠷ ᠰᠠᠶᠢᠲᠠᠢ ᠬᠥᠭᠵᠢᠯᠲᠡ ᠪᠠᠷ ᠮᠥᠰᠥ ᠴᠠᠰᠤᠨ ᠤ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ ᠤᠳ︾ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠠ ᠲᠣᠬᠢᠶᠠᠯ ᠢ ᠠᠮᠵᠢᠵᠤ᠂ ᠪᠣᠯᠪᠠᠰᠤᠷᠠᠩᠭᠤᠢ ᠲᠤᠷᠰᠢᠯᠭ᠎ᠠ ᠶᠢ ᠰᠠᠶᠢᠲᠤᠷ ᠠᠰᠢᠭᠯᠠᠵᠤ᠂ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠭᠦᠯᠵᠦ᠂ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠵᠤ᠂ ᠡᠬᠢᠯᠡᠯᠲᠡ ᠶᠢᠨ ᠶᠣᠰᠣᠯᠠᠯ ᠢ ᠥᠪᠡᠷᠮᠢᠴᠡ ᠣᠨᠴᠠᠯᠢᠭ ᠲᠠᠢ ᠬᠢᠷᠢ ᠲᠦᠪᠰᠢᠨ ᠲᠠᠢ ᠡᠷᠭᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠵᠢᠢ ᠶᠦᠩ ᠴᠢᠶᠠᠨ᠂ ᠴᠠᠭ ᠬᠤᠭᠤᠴᠠᠭ᠎ᠠ ᠶᠢ ᠡᠵᠡᠮᠳᠡᠵᠦ᠂ ᠨᠠᠷᠢᠨ ᠵᠦᠢᠯᠡᠰ ᠢ ᠨᠢᠭᠲᠠ ᠠᠩᠬᠠᠷᠴᠤ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠲᠥᠰᠥᠯ ᠢ ᠲᠥᠰᠥᠪᠯᠡᠬᠦ ᠪᠠ ᠳᠡᠭᠡᠭᠰᠢᠯᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠯ᠎ᠡ ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠤᠷᠢᠳᠴᠢᠯᠠᠨ ᠠᠳᠬᠤᠵᠤ ᠡᠷᠲᠡᠬᠡᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠵᠤ᠂ ᠤᠯᠠᠮᠵᠢᠯᠠᠯᠲᠤ ᠵᠠᠭᠤᠴᠢᠯᠠᠭᠤᠷ ᠪᠣᠯᠣᠨ ᠰᠢᠨ᠎ᠡ ᠵᠠᠭᠤᠴᠢᠯᠠᠭᠤᠷ ᠤᠨ ᠬᠠᠮᠵᠢᠯᠴᠠᠨ ᠬᠦᠴᠦᠯᠡᠬᠦ ᠶᠢ ᠠᠬᠢᠭᠤᠯᠵᠤ᠂ ᠬᠥᠯᠥᠨ ᠪᠤᠶᠢᠷ ᠤᠨ ᠣᠨᠴᠠᠯᠢᠭ ᠢ ᠲᠣᠪᠤᠶᠢᠯᠭᠠᠨ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠳᠤ ᠰᠠᠭᠤᠷᠢᠯᠠᠵᠤ᠂ ᠡᠯ᠎ᠡ ᠬᠦᠷᠢᠶ᠎ᠡ ᠴᠠᠷᠠᠭ᠎ᠠ ᠳᠤ ᠪᠦᠬᠦᠨ ᠢ ᠬᠠᠮᠤᠷᠤᠭᠰᠠᠨ ᠤᠬᠠᠭᠤᠯᠭ᠎ᠠ ᠶᠢᠨ ᠬᠠᠯᠠᠭᠤᠨ ᠥᠷᠨᠢᠯᠲᠡ ᠭᠠᠷᠭᠠᠬᠤ ᠬᠡᠷᠡᠭᠲᠡᠢ᠃ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠬᠤᠲᠠ ᠶᠢᠨ ᠴᠠᠰᠤᠨ ᠳᠤ ᠭᠤᠯᠭᠤᠬᠤ ᠴᠡᠴᠡᠷᠯᠢᠭ ᠢ ᠲᠦᠷᠭᠡᠳᠬᠡᠨ ᠪᠠᠶᠢᠭᠤᠯᠵᠤ᠂ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠤᠨ ᠪᠦᠲᠦᠭᠡᠨ ᠪᠠᠶᠢᠭᠤᠯᠤᠯᠲᠠ᠂ ᠦᠢᠯᠡᠳᠬᠦᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠬᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠰᠣᠶᠣᠯ᠂ ᠵᠢᠭᠤᠯᠴᠢᠯᠠᠯ ᠪᠠ ᠪᠡᠶ᠎ᠡ ᠶᠢᠨ ᠲᠠᠮᠢᠷ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠬᠡᠯᠪᠡᠷᠢ ᠶᠢᠨ ᠮᠥᠰᠥ ᠴᠠᠰᠤᠨ ᠤ ᠦᠪᠡᠳᠡᠭᠰᠢ ᠴᠤᠭᠯᠠᠭᠠᠨ ᠢ ᠴᠣᠭᠴᠠᠯᠠᠬᠤ ᠬᠡᠷᠡᠭᠲᠡᠢ᠃ ᠬᠠᠮᠢᠶ᠎ᠠ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠳ ᠭᠥᠯᠢᠶᠡᠨ ᠠᠪᠬᠤ᠂ ᠵᠠᠮ ᠬᠠᠷᠢᠯᠴᠠᠭ᠎ᠠ᠂ ᠠᠮᠤᠷ ᠢ ᠬᠠᠮᠠᠭᠠᠯᠠᠬᠤ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠢᠮᠪᠠᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠲᠤᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ︽ᠳᠥᠭᠦᠮ ᠳᠥᠲᠡ᠂ ᠠᠮᠤᠷ ᠲᠦᠪᠰᠢᠨ᠂ ᠭᠤᠶᠢᠳᠠ ᠰᠠᠶᠢᠬᠠᠨ︾ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ