ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ
ᠨᠡᠶᠢᠲᠡᠯᠡᠭᠰᠡᠨ ᠴᠠᠭ᠄
2024/11/13
       ■ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠦᠨᠳᠦᠰᠦᠲᠡᠨ ᠤ ᠪᠣᠳᠠᠲᠤ ᠪᠠᠶᠢᠳᠠᠯ ᠢ ᠦᠨᠳᠦᠰᠦᠯᠡᠨ᠂ ᠡᠷᠬᠡ ᠲᠡᠭᠰᠢ ᠲᠥᠪ ᠭᠤᠣᠯᠴᠢ ᠪᠠᠶᠢᠬᠤ ᠪᠠᠷ ᠵᠠᠷᠴᠢᠮ ᠪᠤᠯᠭᠠᠵᠤ᠂ ᠣᠷᠣᠨ ᠪᠦᠰᠡᠵᠢᠭᠦ ᠪᠠ ᠨᠠᠷᠢᠯᠢᠭ ᠤᠨᠤᠴᠠᠳᠤ ᠴᠢᠨᠠᠷ ᠢ ᠲᠣᠪᠤᠶᠢᠯᠭᠠᠨ᠂ ᠣᠨᠴᠠᠭᠠᠢ ᠭᠠᠵᠠᠷ ᠣᠷᠣᠨ᠂ ᠣᠨᠴᠠᠭᠠᠢ ᠠᠰᠠᠭᠤᠳᠠᠯ᠂ ᠣᠨᠴᠠᠭᠠᠢ ᠵᠦᠢᠯᠡᠰ ᠲᠤ ᠨᠡᠩ ᠢᠯᠡᠭᠦᠦ ᠴᠢᠭᠯᠡᠭᠦᠯᠦᠨ ᠣᠷᠣᠨ ᠪᠦᠰᠡ ᠪᠠᠷ ᠳᠡᠮᠵᠢᠬᠦ ᠵᠥᠷᠢᠶᠡᠲᠦ ᠲᠦᠷᠦ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠬᠦ ᠬᠡᠷᠡᠭᠲᠡᠢ᠃       ■ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠪᠠ ᠦᠨᠳᠦᠰᠦᠲᠡᠨ ᠤ ᠠᠵᠢᠯ ᠤᠨ ᠬᠦᠴᠦᠨ ᠢ ᠴᠢᠩᠭᠠᠳᠬᠠᠵᠤ᠂ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠤᠨ ᠪᠦᠲᠦᠮᠵᠢᠲᠡᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃       ■ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠪᠠᠷᠢᠮᠲᠠᠯᠠᠵᠤ᠂ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠵᠥᠪ ᠪᠤᠷᠤᠭᠤ ᠶᠢ ᠲᠣᠳᠣᠷᠬᠠᠢ ᠢᠯᠭᠠᠬᠤ ᠵᠣᠭᠰᠣᠯᠲᠠ ᠲᠣᠳᠣ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯᠯᠠᠭ᠎ᠠ ᠡᠷᠡᠰ ᠴᠢᠩᠭ᠎ᠠ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠠᠶᠢᠷᠠᠯᠠᠬᠤ ᠬᠠᠶᠢᠷ᠎ᠠ ᠰᠡᠳᠬᠢᠯᠭᠡ ᠴᠢᠩ ᠦᠨᠡᠨᠴᠢ ᠪᠠᠶᠢᠳᠠᠭ ᠦᠨᠳᠦᠰᠦᠲᠡᠨ ᠤ ᠭᠠᠵᠠᠷ ᠣᠷᠣᠨ ᠤ ᠺᠠᠳ᠋ᠷ ᠤᠨ ᠡᠩᠨᠡᠭᠡ ᠶᠢ ᠴᠢᠷᠮᠠᠶᠢᠨ ᠪᠠᠶᠢᠭᠤᠯᠵᠤ᠂ ᠡᠯ᠎ᠡ ᠱᠠᠲᠤᠨ ᠤ ᠤᠳᠤᠷᠢᠳᠬᠤ ᠡᠷᠬᠡ ᠶᠢ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠯ ᠲᠠᠢ ᠺᠠᠳ᠋ᠷ ᠤᠨ ᠭᠠᠷ ᠲᠤ ᠡᠵᠡᠮᠳᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃       ■ ᠨᠥᠬᠦᠴᠡᠯ ᠬᠠᠲᠠᠭᠤᠵᠢᠯᠲᠠᠢ ᠭᠠᠵᠠᠷ ᠣᠷᠣᠨ ᠳᠤ ᠠᠵᠢᠯᠯᠠᠵᠤ ᠪᠠᠶᠢᠭ᠎ᠠ ᠡᠮᠦᠨ᠎ᠡ ᠹᠷᠣᠨᠲ ᠤᠨ ᠺᠠᠳ᠋ᠷ ᠢ ᠨᠡᠩ ᠴᠢᠬᠤᠯᠠᠴᠢᠯᠠᠵᠤ᠂ ᠬᠠᠯᠠᠮᠵᠢᠯᠠᠵᠤ᠂ ᠬᠠᠶᠢᠷᠠᠯᠠᠵᠤ᠂ ᠨᠡᠩ ᠤᠯᠠᠨ ᠰᠢᠯᠢᠳᠡᠭ ᠴᠢᠳᠠᠪᠤᠷᠢᠲᠠᠨ ᠢ ᠲᠠᠲᠠᠬᠤ ᠬᠡᠷᠡᠭᠲᠡᠢ᠃       ■ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠥᠵᠢᠭᠦᠯᠬᠦ ᠪᠠ ᠰᠠᠶᠢᠲᠤᠷ ᠬᠡᠷᠡᠭᠯᠡᠬᠦ ᠶᠢ ᠴᠢᠬᠤᠯᠠᠴᠢᠯᠠᠵᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠳᠡᠭ ᠴᠥᠭᠡᠨ ᠲᠣᠭᠠᠲᠤ ᠦᠨᠳᠦᠰᠦᠲᠡᠨ ᠤ ᠰᠢᠯᠢᠳᠡᠭ ᠺᠠᠳ᠋ᠷ ᠢ ᠭᠦᠢᠴᠡᠳ ᠢᠲᠡᠭᠡᠵᠦ᠂ ᠬᠦᠨᠳᠦ ᠡᠭᠦᠷᠭᠡ ᠡᠭᠦᠷᠭᠡᠯᠡᠭᠦᠯᠬᠦ ᠬᠡᠷᠡᠭᠲᠡᠢ᠃       ■ ᠦᠨᠳᠦᠰᠦᠲᠡᠨ ᠤ ᠭᠠᠵᠠᠷ ᠣᠷᠣᠨ ᠤ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠦᠨ᠂ ᠨᠠᠮ ᠤᠨ ᠦᠨᠳᠦᠰᠦᠲᠡᠨ ᠤ ᠤᠨᠤᠯ ᠪᠠ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠦᠨᠳᠦᠰᠦᠨ ᠱᠠᠲᠤᠨ ᠳᠤ ᠭᠦᠷᠲᠡᠯ᠎ᠡ ᠣᠶᠢᠯᠠᠭᠠᠬᠤ ᠬᠥᠮᠥᠨ ᠲᠠᠢ᠂ ᠦᠨᠳᠦᠰᠦᠲᠡᠨ ᠤ ᠠᠵᠢᠯ ᠢ ᠦᠨᠳᠦᠰᠦᠨ ᠱᠠᠲᠤᠨ ᠳᠤ ᠠᠳᠬᠤᠬᠤ ᠬᠥᠮᠥᠨ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃       — ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠠᠴᠠ ᠬᠡᠰᠡᠭᠯᠡᠪᠡ
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ