ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ
ᠨᠡᠶᠢᠲᠡᠯᠡᠭᠰᠡᠨ ᠴᠠᠭ᠄
2024/11/13
       ■ ᠦᠨᠳᠦᠰᠦᠲᠡᠨ ᠤ ᠪᠦᠯᠬᠦᠮᠳᠡᠯ ᠪᠣᠯ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠂ ᠲᠤᠮᠲᠠᠲᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠦᠨᠳᠦᠰᠦᠲᠡᠨ ᠤ ᠪᠦᠯᠬᠦᠮᠳᠡᠯ ᠤᠨ ᠦᠨᠳᠦᠰᠦ ᠪᠣᠯᠣᠨ᠎ᠠ᠃       ■ ᠪᠦᠯᠬᠦᠮᠳᠡᠨ ᠲᠡᠮᠡᠴᠡᠬᠦ ᠪᠣᠯ ᠲᠤᠮᠲᠠᠲᠤ ᠤᠯᠤᠰ ᠤᠨ ᠠᠷᠠᠳ ᠲᠦᠮᠡᠨ ᠤ ᠲᠡᠦᠬᠡ ᠶᠢᠨ ᠠᠭᠤᠤ ᠶᠡᠭᠡ ᠦᠢᠯᠡᠰ ᠢ ᠡᠭᠦᠳᠦᠨ ᠪᠦᠲᠦᠭᠡᠬᠦ ᠶᠢᠨ ᠵᠠᠶᠢᠯᠠᠰᠢ ᠦᠭᠡᠢ ᠶᠠᠪᠤᠬᠤ ᠵᠠᠮ ᠮᠥᠨ᠃       ■ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ  ᠢᠶᠠᠨ ᠬᠠᠮᠲᠤᠳᠬᠠᠬᠤ᠂ ᠦᠬᠦᠵᠦ ᠰᠡᠭᠡᠭᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃       ■ ᠦᠨᠳᠦᠰᠦᠲᠡᠨ ᠨᠦᠭᠦᠳ ᠪᠦᠯᠬᠦᠮᠳᠡᠵᠦ᠂ ᠡᠶ᠎ᠡ ᠵᠣᠬᠢᠴᠠᠩᠭᠤᠢ ᠪᠠᠶᠢᠪᠠᠯ ᠤᠯᠤᠰ ᠣᠷᠣᠨ ᠬᠥᠭᠵᠢᠨ ᠮᠠᠨᠳᠤᠵᠤ᠂ ᠨᠡᠶᠢᠭᠡᠮ ᠠᠮᠤᠷ ᠲᠣᠭᠲᠠᠭᠤᠨ᠂ ᠠᠷᠠᠳ ᠲᠦᠮᠡᠨ ᠵᠣᠯ ᠵᠢᠷᠭᠠᠯ ᠲᠠᠢ ᠪᠠᠶᠢᠬᠤ ᠪᠣᠯᠣᠨ᠎ᠠ᠂ ᠡᠰᠡ ᠲᠠᠭᠡᠪᠠᠰᠤ ᠤᠯᠤᠰ ᠣᠷᠣᠨ ᠳᠣᠷᠦ᠋ᠢᠲᠠᠨ᠂ ᠨᠡᠶᠢᠭᠡᠮ ᠲᠣᠭᠲᠠᠭᠤᠨ ᠪᠤᠰᠤ ᠪᠣᠯᠵᠤ᠂ ᠠᠷᠠᠳ ᠲᠦᠮᠡᠨ ᠭᠠᠢ ᠵᠤᠪᠠᠯᠠᠩ ᠠᠮᠰᠠᠬᠤ ᠪᠣᠯᠣᠨ᠎ᠠ᠃       — ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠶᠠᠷᠢᠶ᠎ᠠ ᠠᠴᠠ
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ