ᠠᠯᠳᠠᠨ ᠪᠠᠳᠠᠭ
ᠨᠡᠶᠢᠲᠡᠯᠡᠭᠰᠡᠨ ᠴᠠᠭ᠄
2024/11/13
       ᠮᠠᠨ ᠤ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠤᠨᠤᠪᠴᠢᠲᠡᠢ ᠡᠵᠡᠮᠰᠢᠬᠦ ᠪᠠ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠤ ᠭᠠᠵᠠᠷ ᠣᠷᠣᠨ ᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠯᠬᠤᠮ ᠢᠶᠠᠨ ᠲᠦᠷᠭᠡᠳᠬᠡᠬᠦ ᠶᠢ ᠲᠦᠯᠬᠢᠨ ᠠᠬᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠦᠨᠳᠦᠰᠦᠲᠡᠨ ᠤ ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠨᠠᠮᠳᠠᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠶᠢᠴᠢᠯᠠᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠡᠶᠡᠯᠡᠭᠦᠯᠬᠦ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃       — ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠶᠠᠷᠢᠶ᠎ᠠ ᠠᠴᠠ ︵2021 ᠣᠨ ᠤ 8 ᠰᠠᠷ᠎ᠠ ᠶᠢᠨ 27 ᠤ ᠡᠳᠦᠷ ᠠᠴᠠ 28 ᠤ ᠡᠳᠦᠷ ᠪᠤᠯᠲᠠᠯ᠎ᠠ︶
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ